ᠵᠠᠰᠠᠭ ᠤᠨ ᠣᠷᠳᠣᠨ ᠤ ᠠᠵᠢᠯ ᠤᠨ ᠢᠯᠡᠳᠬᠡᠯ | -- 2025 ᠣᠨ ᠤ 1 ᠰᠠᠷ᠎ᠠ ᠶᠢᠨ 21 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠡᠭᠡᠷ᠎ᠡ | ᠬᠤᠰᠢᠭᠤᠨ ᠳᠠᠷᠤᠭ᠎ᠠ ᠵᠠᠩ ᠵᠢᠶᠠᠨ ᠪᠢᠨ | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠬᠤ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ | ᠠᠬᠢᠭᠤᠯᠵᠤ᠂ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠲᠦᠭᠡᠨ ᠪᠠᠶᠢᠭᠤᠯᠤᠯᠲᠠ | ᠯᠠᠪᠳᠠᠭᠤᠨ ᠪᠠᠲᠤᠲᠠᠢ ᠠᠯᠬᠤᠪᠠ᠃ | ᠨᠢᠭᠡ ᠵᠢᠯ ᠤᠨ ᠲᠤᠷᠰᠢ᠂ ᠪᠢᠳᠡ ᠲᠦᠢᠯ ᠤᠨ ᠣᠨᠣᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ | ᠲᠤᠭᠳᠠᠭᠤᠨ ᠢᠶᠠᠷ ᠨᠡᠮᠡᠭᠳᠡᠵᠦ᠂ ᠶᠡᠷᠦᠩᠬᠡᠶᠢᠯᠡᠭᠰᠡᠨ ᠪᠤᠳᠠᠳᠤ ᠬᠦᠴᠦᠨ ᠢᠯᠡᠳᠳᠡ ᠳᠡᠭᠡᠭᠰᠢᠯᠡᠪᠡ᠃ | ᠠᠵᠤ ᠠᠬᠤᠶ ᠶᠢᠨ ᠪᠤᠳᠠᠲᠤ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠪᠠ ᠣᠯᠠᠨ ᠵᠢᠯ ᠳᠤ ᠲᠣᠬᠢᠶᠠᠯᠳᠤᠭ᠎ᠠ ᠦᠭᠡᠢ ᠪᠠᠶᠢᠭᠠᠯᠢ ᠶᠢᠨ ᠭᠠᠮᠰᠢᠭ ᠤᠨ ᠡᠮᠦᠨ᠎ᠡ᠂ | ᠪᠢᠳᠡ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠨᠡᠮᠡᠭᠳᠡᠯ ᠤᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ | ᠲᠣᠭᠲᠠᠭᠤᠨ ᠢᠶᠠᠷ ᠰᠠᠶᠢᠵᠢᠷᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠪᠠ᠃ ᠵᠢᠱᠢᠯᠲᠡ ᠪᠠᠷ ᠪᠦᠬᠦ | ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 92 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠥᠷᠲᠡᠭ ᠢ 93.2 ᠳ᠋ᠦᠩᠰᠢᠭᠤᠷ ᠲᠥᠭᠦᠷᠢᠭ | ᠪᠡᠶᠡᠯᠡᠭᠦᠯᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 24.3 % ᠪᠠᠷ ᠨᠡᠮᠡᠭᠳᠡᠵᠦ᠂ ᠪᠦᠬᠦ ᠬᠤᠲᠠ ᠶᠢᠨ ᠪᠦᠬᠦ ᠣᠷᠣᠨ ᠤ | ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠵᠤ᠂ ᠭᠤᠷᠪᠠᠨ ᠵᠢᠯ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠢ ᠪᠠᠲᠤᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | ᠠᠳᠠᠯᠢ ᠬᠤᠭᠤᠴᠠᠭᠠᠨ ᠤ ᠬᠢ ᠠᠴᠠ 3.6 % ᠪᠠᠷ ᠨᠡᠮᠡᠭᠳᠡᠵᠦ᠂ ᠬᠤᠶᠠᠷ ᠵᠢᠯ ᠳᠠᠷᠠᠭᠠᠯᠠᠨ ᠪᠦᠬᠦ ᠬᠤᠲᠠ ᠶᠢᠨ | ᠡᠮᠦᠨ᠎ᠡ ᠭᠤᠷᠪᠠ ᠳᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.46 ᠳ᠋ᠦᠩᠰᠢᠭᠤᠷ | ᠲᠥᠭᠦᠷᠢᠭ ᠢ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ | ᠨᠡᠮᠡᠭᠳᠡᠵᠦ᠂ ᠬᠤᠲᠠ ᠬᠥᠳᠡᠭᠡ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ | ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ᠃ ᠪᠦᠬᠦ ᠵᠢᠯ ᠳᠤ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 29.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠣᠶᠣᠯ | ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ | 11.2% ᠪᠠ 45.7% ᠳᠤ ᠬᠦᠷᠴᠦ᠂ ᠲᠤᠰ ᠲᠤᠰ 24.8% ᠪᠠ 135.3% ᠪᠠᠷ ᠨᠡᠮᠡᠭᠳᠡᠵᠦ᠂ ᠪᠡᠯᠡ | ᠣᠷᠣᠭᠤᠯᠤᠯᠲᠠ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠠᠵᠤ ᠦᠢᠯᠡᠳᠪᠦᠷᠢ ᠶᠢᠨ ᠲᠥᠷᠥᠯ | ᠵᠦᠢᠯ ᠤᠨ ᠬᠠᠲᠠᠭᠤ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠨᠣᠷᠮ᠎ᠠ 60% ᠠᠴᠠ ᠳᠠᠪᠠᠭᠰᠠᠨ ᠰᠠᠭᠤᠷᠢᠨ | ᠴᠢᠯᠠᠭᠤᠨ ᠦᠢᠯᠡᠳᠦᠯ ᠢᠯᠡᠳᠲᠡ ᠪᠠᠳᠠᠷᠠᠪᠠ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 77 ᠪᠠᠶᠢᠵᠤ᠂ | ᠪᠠᠯᠠ ᠮᠥᠩᠭᠦ ᠶᠢ 39.6% ᠨᠡᠮᠡᠭᠳᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠪᠥᠬᠦ | ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠰᠢᠨ᠎ᠡ ᠪᠠᠷ 4 ᠨᠡᠮᠡᠭᠳᠡᠵᠦ᠂ 37 ᠠᠵᠤ ᠠᠬᠤᠶᠢᠯᠠᠯ ᠨᠡᠮᠡᠭᠳᠡᠪᠡ᠃ 3 ᠠᠭᠤᠷᠬᠠᠶ ᠶᠢ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ 4 ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠵᠢᠱᠢᠶ᠎ᠡ ᠦᠵᠡᠭᠦᠯᠬᠦ ᠦᠢᠯᠡᠳᠪᠦᠷᠢ ᠪᠠᠷ | ᠦᠨᠡᠯᠡᠭᠳᠡᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 24.2% ᠢᠶᠠᠷ ᠪᠠᠭᠤᠷᠠᠭᠤᠯᠵᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠵᠣᠷᠢᠭᠵᠢᠭᠤᠯᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ | ᠠᠵᠤ ᠠᠬᠤᠢ ᠶᠢᠨ ᠳᠠᠯᠳᠠ ᠴᠢᠳᠠᠪᠤᠷᠢ ᠶᠢ ᠦᠷᠭᠦᠯᠵᠢᠯᠡᠨ ᠰᠤᠯᠠᠯᠠᠬᠤ᠃ ᠤᠯᠠᠭᠠᠨᠬᠠᠳᠠ ᠭᠠᠯᠲᠤ ᠠᠭᠤᠯᠠ ᠶᠢᠨ | ᠭᠠᠵᠠᠷ ᠰᠢᠨᠵᠢᠯᠡᠭᠡᠨ ᠤ ᠴᠡᠴᠡᠷᠯᠢᠭ ᠤᠨ ᠵᠢᠭᠤᠯᠴᠢᠯᠠᠯ ᠤᠨ ᠣᠷᠣᠨ ᠢ 4A ᠲᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠦᠬᠦ ᠵᠢᠯ ᠳᠤ 450 ᠲᠦᠮᠡᠨ ᠵᠤᠭᠠᠴᠠᠭᠰᠠᠳ ᠢ | ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 37.3 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ | 126% ᠪᠠ 163% ᠪᠠᠷ ᠨᠡᠮᠡᠭᠳᠡᠪᠡ᠃ ᠪᠥᠬᠦ ᠵᠢᠯ ᠳᠤ 299 ᠠᠷᠠᠳ ᠤᠨ ᠣᠷᠣᠨ ᠰᠠᠭᠤᠴᠠ ᠶᠢᠨ ᠪᠠᠭᠤᠳᠠᠯ ᠢ | ᠰᠢᠨ᠎ᠡ ᠪᠠᠷ ᠳᠠᠩᠰᠠᠯᠠᠭᠤᠯᠵᠤ᠂ 2 ᠬᠥᠬᠡ ᠲᠠᠰ ᠤᠨ ᠠᠷᠠᠳ ᠤᠨ ᠣᠷᠣᠨ ᠰᠠᠭᠤᠴᠠ᠂ 14 ᠤᠯᠠᠭᠠᠨ ᠲᠠᠰ ᠤᠨ | ᠠᠷᠠᠳ ᠤᠨ ᠣᠷᠣᠨ ᠰᠠᠭᠤᠴᠠ ᠶᠢ ᠪᠤᠶᠢᠵᠢᠭᠤᠯᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠪᠥᠬᠦ | ᠣᠷᠣᠨ ᠤ ᠡᠮᠦᠨ᠎ᠡ ᠡᠩᠨᠡᠭᠡᠨ ᠳᠤ ᠣᠷᠣᠭᠤᠯᠪᠠ᠃ ᠪᠦᠬᠦ ᠣᠷᠣᠨ ᠤ ᠵᠢᠭᠤᠯᠴᠢᠯᠠᠯ ᠤᠨ ᠠᠵᠢᠯ ᠤᠨ ᠠᠬᠤᠢ | ᠲᠠᠯᠠᠪᠠᠢ ᠶᠢᠨ ᠬᠤᠷᠠᠯ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠢ ᠠᠬᠢᠭᠤᠯᠬᠤ ᠬᠤᠷᠠᠯ᠂ ᠪᠦᠬᠦ ᠣᠷᠣᠨ ᠤ | ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ | ᠦᠵᠡᠭᠦᠯᠦᠯᠭᠡ ᠶᠢᠨ ᠬᠤᠷᠠᠯ ᠢ ᠠᠮᠵᠢᠯᠲᠠ ᠲᠠᠢ ᠡᠷᠬᠢᠯᠡᠪᠡ᠃ ︽ᠭᠠᠯᠲᠤ ᠠᠭᠤᠯᠠ ᠲᠠᠯᠪᠢᠵᠤ · ᠣᠷᠭᠢᠯᠤᠮ᠎ᠠ | ᠰᠡᠳᠬᠢᠯᠭᠡ ᠶᠢ ᠬᠥᠭᠵᠢᠭᠡᠬᠦ︾ ᠰᠢᠷᠢᠰ ᠡᠪᠦᠯ ᠤᠨ ᠤᠯᠠᠷᠢᠯ ᠤᠨ ᠵᠤᠭᠠᠴᠠᠯ ᠤᠨ ᠳᠡᠯᠪᠡᠴᠢᠬᠦ ᠠᠵᠢᠯᠯᠠᠭ᠎ᠠ ᠶᠢ 10 | ᠲᠠᠯᠠᠪᠤᠷ ᠤᠳᠠᠭ᠎ᠠ ᠡᠷᠬᠢᠯᠡᠵᠦ᠂ 9 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠲᠠᠲᠠᠵᠤ᠂ 3500 ᠭᠠᠷᠤᠶ | ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠦᠨ᠂ ᠡᠪᠦᠯ ᠤᠨ ᠤᠯᠠᠷᠢᠯ ᠤᠨ ᠵᠤᠭᠠᠴᠠᠯ ᠤᠨ ᠬᠡᠷᠡᠭᠯᠡᠭᠡ ᠲᠡᠦᠬᠡᠲᠦ | ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ᠃ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠤᠨ ᠠᠵᠤ | ᠠᠬᠤᠢ ᠶᠢ ᠰᠠᠶᠢᠳᠤᠷ ᠪᠡᠶᠡᠯᠡᠭᠦᠯᠦᠶ᠎ᠡ᠃ | ᠨᠢᠭᠡ ᠵᠢᠯ ᠤᠨ ᠲᠤᠷᠰᠢ ᠪᠢᠳᠠ ᠬᠤᠶᠠᠷ ᠶᠡᠭᠡ ᠶᠠᠪᠤᠳᠠᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ | ᠬᠦᠭᠵᠢᠯᠲᠡ ᠶᠢᠨ ᠦᠨᠳᠦᠰᠦ ᠰᠠᠭᠤᠷᠢ ᠲᠠᠰᠤᠷᠠᠯᠲᠠ ᠦᠭᠡᠢ ᠪᠠᠲᠤᠵᠢᠪᠠ᠃ | ︽ᠬᠤᠶᠠᠷ ᠬᠠᠯᠬᠠᠪᠴᠢ︾ ᠶᠢ ᠨᠠᠩ ᠪᠠᠲᠤᠳᠬᠠᠪᠠ᠃ ︽ᠭᠤᠷᠪᠡᠠ ᠤᠮᠠᠷᠠᠲᠤ︾ ᠶᠢᠨ ᠢᠨᠵᠧᠨᠧᠷᠢᠩ ᠵᠡᠷᠭᠡ | ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠢ ᠥᠨᠳᠥᠷ ᠪᠠᠶᠢᠷᠢ ᠳᠤ ᠠᠬᠢᠭᠤᠯᠵᠤ᠂ 28.7 ᠲᠦᠮᠡᠨ ᠮᠥ | ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ 814 ᠮᠥ ᠪᠡᠶᠡᠯᠡᠭᠦᠯᠵᠦ᠂ | ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ ᠶᠢᠨ ᠬᠡᠮᠵᠢᠶ᠎ᠡ ᠲᠣᠰ ᠲᠣᠰ 14.26% ᠪᠠ 45.04% ᠳᠤ ᠬᠥᠷᠪᠡ︔ ᠨᠤᠲᠤᠭ ᠪᠡᠯᠴᠢᠭᠡᠷ ᠢ | ᠬᠡᠲᠦᠷᠡᠲᠡᠯ᠎ᠡ ᠮᠠᠯᠵᠢᠬᠤ ᠠᠰᠠᠭᠤᠳᠠᠯ ᠢ ᠢᠳᠡᠪᠬᠢᠲᠡᠶ ᠰᠢᠢᠳᠪᠦᠷᠢᠯᠡᠵᠦ᠂ 29.7 ᠲᠦᠮᠡᠨ ᠬᠤᠨᠢ ᠶᠢ ᠰᠠᠯᠭᠠᠨ | ᠭᠠᠷᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10% ᠠᠴᠠ ᠳᠣᠷᠣᠭᠰᠢ | ᠪᠣᠯᠲᠠᠯ᠎ᠠ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠤᠷᠰᠢᠯᠲᠠ ᠶᠢᠨ ᠬᠤᠰᠢᠭᠤ | ᠰᠢᠶᠠᠨ ᠤ ᠰᠢᠯᠭᠠᠨ ᠠᠪᠬᠤ ᠶᠠᠪᠤᠴᠠ ᠳᠤ ᠰᠢᠯᠢᠳᠡᠭ ᠳᠡᠰ ᠢᠶᠠᠷ ᠰᠢᠯᠭᠠᠷᠠᠭᠤᠯᠪᠠ︔ ᠬᠤᠲᠠ ᠶᠢᠨ ᠲᠣᠭᠤᠷᠢᠭ ᠤᠨ | ᠰᠢᠯᠢᠳᠡᠭ ᠡᠳᠦᠷ ᠤᠨ ᠲᠤᠭ᠎ᠠ 327 ᠡᠳᠦᠷ ᠲᠤ ᠬᠦᠷᠴᠦ᠂ ᠠᠭᠠᠷ ᠤᠨ ᠰᠢᠯᠢᠳᠡᠭ ᠨᠣᠷᠮ᠎ᠠ ᠶᠢᠨ 95.9% ᠳᠤ | ᠬᠦᠷᠴᠦ᠂ PM2.5 ᠶᠢᠨ ᠳᠤᠮᠳᠠᠴᠢ ᠥᠳᠬᠡᠴᠡ ᠶᠢ 14 ᠮᠢᠺᠷᠥᠭᠷᠡᠮ / ᠪᠣᠰᠤᠭ᠎ᠠ ᠳᠥᠷᠪᠡᠯᠵᠢᠨ ᠮᠧᠲᠷ ᠪᠣᠯᠭᠠᠨ | ᠪᠠᠭᠤᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠪᠠ᠃ | ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠵᠢᠯ ᠳᠤ ᠠᠶᠤᠯᠭᠦᠶ | ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ ᠬᠤᠰᠢᠭᠤ ᠰᠢᠶᠠᠨ ᠪᠣᠯᠵᠠᠢ︔ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠬᠠᠤᠯᠢ ᠪᠠᠷ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠣᠷᠣᠯᠠᠨ | ᠬᠦᠢᠴᠡᠳᠬᠡᠬᠦ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠲᠣᠭᠤᠷᠢᠭ ᠲᠤ ᠬᠦᠷᠴᠦ ᠬᠤᠲᠠ ᠳᠤ ᠬᠦᠷᠴᠦ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠠᠳᠠᠯᠢ ᠬᠤᠭᠤᠴᠠᠭᠠᠨ ᠤ ᠬᠢ ᠠᠴᠠ 50% ᠠᠴᠠ ᠳᠡᠭᠡᠭᠰᠢ ᠬᠤᠪᠢᠶᠠᠵᠤ᠂ ᠵᠢᠯ ᠤᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠪᠠ︔ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ 5.24 ᠳ᠋ᠦᠩᠰᠢᠭᠤᠷ ᠲᠥᠭᠦᠷᠢᠭ ᠠᠷᠢᠯᠭᠠᠵᠤ᠂ ᠵᠢᠯ ᠤᠨ ᠡᠭᠦᠷᠭᠡ ᠪᠠᠨ | ᠳᠠᠪᠠᠭᠤᠯᠤᠨ ᠪᠡᠶᠡᠯᠡᠭᠦᠯᠪᠡ︔ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠪᠠ | ᠳᠠᠭᠠᠳᠬᠠᠯ ᠢ ᠯᠠᠪᠳᠠᠭᠤᠨ ᠢᠶᠠᠷ ᠠᠬᠢᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠡᠷᠡᠭᠦᠯ ᠪᠤᠰᠤ | ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠲᠤᠰᠪᠦᠷᠢ 25% ᠪᠠ 35% ᠪᠠᠷ | ᠪᠠᠭᠤᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠰᠠᠶᠢᠵᠢᠷᠠᠭᠤᠯᠪᠠ᠃ | ︽ᠬᠤᠶᠠᠷ ᠰᠠᠭᠤᠷᠢᠨ ᠭᠠᠵᠠᠷ︾ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 2 ᠲᠦᠮᠡᠨ ᠮᠦ ᠰᠢᠨ᠎ᠡ ᠪᠠᠷ ᠪᠠᠶᠢᠭᠤᠯᠵᠤ᠂ ᠲᠥᠮᠥᠰᠥ ᠶᠢᠨ ᠰᠣᠳᠣᠨ | ᠲᠠᠷᠢᠮᠠᠯ ᠤᠨ ᠰᠠᠭᠤᠷᠢᠨ ᠭᠠᠵᠠᠷ ᠢ 10 ᠲᠦᠮᠡᠨ ᠮᠦ ᠪᠠᠶᠢᠭᠤᠯᠵᠤ᠂ ᠪᠣᠬᠢᠷᠲᠤᠯ ᠦᠭᠡᠢ ᠥᠨᠳᠥᠷ ᠤᠨᠠᠯᠲᠠ ᠲᠠᠢ | ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠣᠷᠣᠨ ᠢ 3 ᠲᠦᠮᠡᠨ ᠮᠦ ᠪᠠᠶᠢᠭᠤᠯᠵᠤ᠂ ᠲᠠᠷᠢᠶᠠᠯᠠᠩ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 86% ᠳᠤ ᠬᠦᠷᠦᠭᠦᠯᠵᠦ᠂ ᠠᠮᠤ ᠪᠤᠳᠠᠭᠠᠨ ᠤ ᠤᠨᠠᠯᠲᠠ ᠶᠢ | ᠳᠡᠭᠡᠷ᠎ᠡ ᠵᠢᠯ ᠤᠨ ᠬᠢ ᠠᠴᠠ 9.6% ᠪᠠᠷ ᠨᠡᠮᠡᠭᠳᠡᠭᠦᠯᠦᠨ᠎ᠡ᠃ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ | ᠦᠷᠭᠦᠯᠵᠢᠯᠡᠨ ᠠᠬᠢᠭᠤᠯᠵᠤ᠂ ᠠᠯᠠᠰᠢᠨ ᠦᠬᠡᠷ᠂ ᠠᠯᠠᠰᠢᠨ ᠬᠤᠨᠢᠨ ᠤ ᠰᠠᠶᠢᠨ ᠡᠭᠦᠯᠳᠡᠷ ᠤᠨ ᠨᠣᠷᠮ᠎ᠠ ᠲᠣᠰ ᠲᠣᠰ | 80% ᠪᠠ 60% ᠳᠤ ᠬᠥᠷᠪᠡ᠃ 8.6 ᠲᠦᠮᠡᠨ ᠲᠡᠭᠰᠢ ᠳᠥᠷᠪᠡᠯᠵᠢᠨ ᠮᠧᠲᠷ ᠬᠠᠰᠢᠶᠠᠯᠠᠨ ᠲᠡᠵᠢᠭᠡᠬᠦ ᠫᠧᠩ | ᠰᠠᠷᠠᠪᠴᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠠᠯᠠᠰᠢᠨ ᠬᠤᠨᠢᠨ ᠤ ᠪᠣᠷᠳᠣᠵᠤ ᠲᠠᠷᠭᠤᠯᠠᠭᠤᠯᠬᠤ | ᠬᠡᠪᠴᠢᠶ᠎ᠡ ᠠᠩᠬ᠎ᠠ ᠤᠳᠠᠭ᠎ᠠ 10 ᠲᠦᠮᠡ ᠶᠢ ᠳᠠᠪᠠᠪᠠ᠃ ᠪᠢᠰᠢᠯᠠᠭ ᠤᠨ ᠵᠢᠵᠢᠭ ᠪᠠᠯᠭᠠᠰᠤ ᠠᠩᠬ᠎ᠠ ᠠᠯᠬᠤᠮ | ᠬᠡᠪᠴᠢᠶᠡᠵᠢᠵᠦ᠂ 80 ᠲᠠᠷᠢᠶᠠᠯᠠᠩ ᠤᠨ ᠣᠨᠴᠠ ᠭᠠᠷᠤᠯᠲᠠ ︽ᠤᠤᠯ ᠠᠮᠲᠠ ᠶᠢᠨ ᠤᠯᠠᠭᠠᠨᠴᠠᠪ︾ ᠢᠶᠠᠷ | ᠰᠣᠩᠭᠤᠭᠳᠠᠵᠤ᠂ 10 ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠥᠬᠦ ᠤᠯᠤᠰ ᠤᠨ ᠨᠠᠷᠠᠲᠤ | ᠣᠨᠴᠠ ᠰᠢᠯᠢᠳᠡᠭ ᠰᠢᠨ᠎ᠡ ᠭᠡᠷᠡᠴᠢᠯᠡᠯ ᠢ ᠣᠯᠵᠤ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 76 % ᠳᠤ ᠬᠥᠷᠪᠡ᠃ ᠵᠢᠩ ᠨᠧᠩ 101.8 ᠲᠦᠮᠡᠨ | ᠺᠢᠯᠣᠸᠠᠲ ᠤᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ ᠶᠤᠸᠠᠨ ᠵᠢᠩ ᠶᠤᠸᠠᠨ ᠾᠧ ᠶᠢᠨ 10 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠤᠨ ᠬᠤᠲᠠ ᠶᠢᠨ ᠡᠨᠧᠷᠭᠢ ᠶᠢᠨ ᠪᠡᠯᠡ ᠣᠷᠣᠭᠤᠯᠤᠯᠲᠠ ᠶᠢᠨ | 12 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠲᠣᠤᠷ ᠲᠤ ᠨᠡᠶᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 117 ᠲᠦᠮᠡᠨ | ᠺᠢᠯᠣᠸᠠᠲ ᠪᠣᠯᠪᠠ᠃ | ︽ᠨᠢᠭᠡ ᠪᠠᠬᠢᠯᠡᠯᠲᠡ︾ ᠶᠢᠨ ᠦᠢᠯᠡᠳᠦᠯ ᠢᠯᠡᠷᠡᠪᠡ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ | 13 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠳᠠᠭᠠᠳᠤ ᠠᠷᠠᠯᠵᠢᠶᠠᠨ ᠤ | ᠲᠤᠭ᠎ᠠ 7129 ᠲᠦᠮᠡᠨ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠨ᠂ | ᠬᠥᠮᠦᠨ ᠳᠤᠮᠳᠠᠴᠢ ᠶᠢᠨ ᠭᠠᠳᠠᠭᠠᠳᠤ ᠠᠷᠠᠯᠵᠢᠶᠠᠨ ᠤ ᠲᠤᠭ᠎ᠠ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ | ᠭᠤᠷᠪᠠᠳᠤᠭᠠᠷ ᠲᠤ ᠣᠷᠣᠵᠤ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠶᠢᠨ ︽ᠲᠡᠭ︾ ᠤᠨ ᠰᠢᠪᠲᠤᠯᠤᠯᠲᠠ ᠶᠢ | ᠪᠡᠶᠡᠯᠡᠭᠦᠯᠪᠡ᠃ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠭᠦᠢᠯᠭᠡᠭᠡᠨ ᠤ ᠬᠤᠪᠢᠶᠠᠨ ᠰᠠᠯᠭᠠᠬᠤ ᠲᠥᠪ 1 ᠪᠠᠶᠢᠵᠤ᠂ | ᠪᠥᠬᠦ ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ 1.67 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠰᠦᠯᠵᠢᠶᠡᠨ ᠤ ᠵᠢᠵᠢᠭᠯᠡᠨ ᠬᠤᠳᠠᠯᠳᠤᠬᠤ ᠬᠡᠮᠵᠢᠶ᠎ᠡ 3500 ᠲᠦᠮᠡᠨ ᠲᠥᠭᠦᠷᠢᠭ ᠢ | ᠪᠡᠶᠡᠯᠡᠭᠦᠯᠵᠦ᠂ ᠲᠣᠰ ᠲᠣᠰ 61% ᠪᠠ 75% ᠪᠠᠷ ᠨᠡᠮᠡᠭᠳᠡᠪᠡ᠃ ᠪᠠᠢ ᠶᠦ᠋ᠩ ᠥᠨᠳᠥᠷ ᠬᠤᠷᠳᠤᠴᠠᠲᠤ ᠵᠠᠰᠠᠮᠠᠯ | ᠵᠠᠮ ᠲᠠᠲᠠᠪᠤᠷᠢᠯᠠᠨ ᠨᠤᠷᠠᠭᠠᠬᠤ ᠠᠵᠢᠯ ᠢᠳᠡᠪᠬᠢᠲᠡᠢ ᠠᠬᠢᠴᠠ ᠲᠠᠢ ᠪᠣᠯᠪᠠ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠣᠳᠠᠲᠤ ᠦᠷ᠎ᠡ | ᠪᠦᠲᠦᠮᠵᠢ ᠣᠯᠪᠠ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ | ᠴᠤᠤᠷᠢᠶᠠᠲᠤᠭᠤᠯᠵᠤ᠂ ᠤᠯᠠᠭᠠᠨᠮᠥ᠋ᠴᠢᠷ ᠤᠨ ᠦᠨᠳᠦᠰᠦᠲᠡᠨ ᠤ ᠳᠠᠭᠤᠤ ᠪᠥᠵᠢᠭ ᠨᠢ ᠪᠡᠭᠡᠵᠢᠩ᠂ ᠬᠠᠶᠢᠨᠠᠨ᠂ ᠶᠦᠨᠨᠠᠨ | ᠵᠡᠷᠭᠡ ᠭᠠᠵᠠᠷ ᠲᠤ ᠣᠯᠠᠨᠲᠠ ᠤᠷᠢᠭᠳᠠᠨ ᠲᠣᠭᠯᠠᠯᠲᠠ ᠭᠠᠷᠭᠠᠵᠤ᠂ ᠳᠠᠭᠤᠤ ᠬᠥᠭᠵᠢᠮᠲᠦ ᠵᠦᠴᠦᠭᠡ ︽ᠠᠷᠠᠳ ᠤᠨ | ᠵᠢᠱᠢᠶᠡᠴᠢ ᠲᠦᠬᠢᠮ᠎ᠠ︾ ᠭᠡᠬᠦ ᠬᠤᠶᠠᠷ ᠤᠳᠠᠭ᠎ᠠ ᠪᠡᠭᠡᠵᠢᠩ ᠳᠤ ᠬᠦᠷᠴᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ | ᠭᠠᠷᠭᠠᠵᠤ᠂ ᠮᠠᠰᠢ ᠴᠢᠩᠭ᠎ᠠ ᠲᠤᠰᠬᠠᠯ ᠲᠠᠢ ᠪᠠᠶᠢᠯ᠎ᠠ᠃ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠷᠢᠮᠵᠢᠭᠦᠯᠦᠨ ᠡᠭᠦᠳᠦᠨ ᠪᠠᠶᠢᠭᠤᠯᠬᠤ ᠠᠵᠢᠯ ᠢ ᠪᠦᠬᠦᠨ ᠢ | ᠪᠠᠷᠢᠮᠵᠢᠶ᠎ᠠ ᠳᠤ ᠬᠦᠷᠭᠡᠪᠡ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠲᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾ ᠶᠢ ᠬᠥᠮᠦᠰ ᠤᠨ ᠰᠡᠳᠬᠢᠯ ᠳᠤ | ᠨᠡᠩ ᠭᠦᠨ ᠬᠠᠳᠠᠩᠰᠢᠭᠤᠯᠤᠨ᠎ᠠ᠃ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ - ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠪᠣᠳᠢ︾ ᠶᠢ ᠨᠠᠶᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠨᠢᠨ ᠳᠠᠯᠠᠢ ᠨᠡᠶᠢᠭᠡᠮ ᠲᠣᠭᠤᠷᠢᠭ | ᠪᠥᠬᠦ ᠣᠷᠣᠨ ᠤ 2024 ᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠦᠨ | ᠬᠥᠭᠵᠢᠭᠦᠯᠬᠦ ᠲᠤᠷᠰᠢᠯᠲᠠ ᠶᠢᠨ ᠴᠡᠭ ᠢᠶᠠᠷ ᠦᠨᠡᠯᠡᠭᠳᠡᠵᠦ᠂ ᠴᠠᠬᠠᠷ ᠰᠣᠶᠣᠯ ᠤᠨ ᠮᠦᠽᠧᠶ ᠨᠢ ᠤᠯᠤᠰ ᠤᠨ | ᠭᠤᠷᠪᠠᠳᠤᠭᠠᠷ ᠳᠡᠰ ᠤᠨ ᠮᠦᠽᠧᠶ ᠪᠣᠯᠵᠤ᠂ ᠬᠤᠰᠢᠭᠤᠨ ᠤ ᠰᠣᠶᠣᠯ ᠤᠨ ᠣᠷᠳᠣᠨ ᠪᠥᠬᠦ ᠣᠷᠣᠨ ᠤ ︽ᠠᠷᠪᠠᠨ | ᠰᠢᠯᠢᠳᠡᠭ ᠰᠣᠶᠣᠯ ᠤᠨ ᠣᠷᠳᠣᠨ︾ ᠢ ᠬᠦᠷᠲᠡᠪᠡ᠃ | ᠨᠢᠭᠡ ᠵᠢᠯ ᠤᠨ ᠲᠤᠷᠰᠢ᠂ ᠪᠢᠳᠠ ᠵᠢᠷᠭᠤᠭᠠᠨ ᠢᠨᠵᠧᠨᠧᠷᠢᠩ ᠢ ᠦᠨᠳᠦᠷ ᠪᠦᠲᠦᠮᠵᠢᠲᠠᠢ ᠪᠠᠷ ᠲᠦᠯᠬᠢᠨ | ᠤᠷᠤᠭᠰᠢᠯᠠᠭᠤᠯᠵᠤ᠂ ᠬᠦᠭᠵᠢᠯᠲᠡ ᠶᠢᠨ ᠠᠯᠬᠤᠴᠠ ᠨᠡᠩ ᠯᠠᠪᠳᠠᠭᠤᠨ ᠪᠣᠯᠪᠠ | ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠲᠦᠷᠭᠡᠳᠭᠡᠨ ᠬᠤᠪᠢᠷᠠᠭᠤᠯᠤᠨ᠎ᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ | ᠵᠠᠪᠳᠤᠨ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ 169 ᠵᠦᠢᠯ ᠤᠨ ᠨᠠᠷᠢᠨ ᠲᠠᠩᠰᠠ ᠶᠢ | ᠨᠠᠶᠢᠳᠠᠪᠤᠷᠢᠵᠢᠭᠤᠯᠵᠤ᠂ ᠪᠥᠬᠦ ᠵᠢᠯ ᠳᠤ ᠡᠯ᠎ᠡ ᠲᠥᠷᠥᠯ ᠤᠨ ᠪᠠᠯᠠ ᠮᠥᠩᠭᠦ ᠶᠢ 5.5 ᠳ᠋ᠦᠩᠰᠢᠭᠤᠷ ᠲᠥᠭᠦᠷᠢᠭ | ᠤᠯᠬᠤ ᠪᠠᠷ ᠴᠢᠷᠮᠠᠶᠢᠨ᠎ᠠ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠨᠢ ᠠᠷᠠᠳ ᠤᠨ ᠰᠡᠳᠬᠢᠯ ᠳᠤ ᠬᠠᠳᠠᠩᠰᠢᠪᠠ᠃ | ᠮᠠᠯᠵᠢᠬᠤ ᠲᠠᠷᠢᠶᠠᠯᠠᠬᠤ ᠣᠷᠣᠨ ᠤ 1.48 ᠲᠦᠮᠡᠨ ᠡᠷᠦᠬᠡ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠭᠤᠷᠪᠠᠨ ᠵᠢᠯ ᠤᠨ ᠡᠭᠦᠷᠭᠡ ᠶᠢ ᠪᠡᠶᠡᠯᠡᠭᠦᠯᠵᠦ᠂ 98 ᠺᠢᠯᠤᠮᠧᠲᠷ ᠬᠤᠲᠠ ᠶᠢᠨ ᠲᠣᠭᠤᠷᠢᠭ ᠤᠨ ᠡᠯ᠎ᠡ ᠲᠥᠷᠥᠯ ᠤᠨ | ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨᠡᠳᠬᠡᠵᠦ᠂ 50 ᠬᠠᠭᠤᠴᠢᠨ ᠢᠯᠴᠢ ᠰᠣᠯᠢᠯᠴᠠᠬᠤ ᠥᠷᠲᠡᠭᠡ ᠶᠢ | ᠡᠮᠬᠢᠯᠡᠨ ᠨᠡᠶᠢᠯᠡᠭᠦᠯᠵᠦ ᠥᠭᠡᠷᠡᠴᠢᠯᠡᠨ᠂ 8.9 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠪᠠᠶᠠᠨ᠋ᠣ᠋ᠪᠣᠭ᠎ᠠ ᠪᠠᠯᠭᠠᠰᠤᠨ ᠤ ᠰᠠᠭᠤᠭᠠᠯᠢ ᠠᠷᠠᠳ ᠤᠨ ᠣᠯᠠᠨ | ᠵᠢᠯ ᠤᠨ ᠢᠯᠴᠢ ᠬᠠᠩᠭᠠᠬᠤ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ | ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ | ᠲᠧᠭᠨᠢᠭ ᠤᠨ ︽ᠪᠦᠰᠡᠯᠡᠯᠲᠡ ᠶᠢ ᠰᠢᠪᠲᠤᠯᠬᠤ︾ ᠠᠵᠢᠯ ᠮᠡᠳᠡᠭᠳᠡᠮ᠎ᠡ ᠠᠮᠵᠢᠯᠲᠠ ᠣᠯᠵᠤ᠃ ᠨᠡᠶᠢᠭᠡᠮ ᠤᠨ | ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ | 1.43 ᠳ᠋ᠦᠩᠰᠢᠭᠤᠷ ᠲᠥᠭᠦᠷᠢᠭ ᠣᠷᠣᠭᠤᠯᠪᠠ᠃ ᠲᠦᠮᠦᠰᠦ ᠶᠢᠨ ᠰᠢᠨ᠎ᠡ ᠡᠭᠦᠯᠳᠡᠷ 8᠂ ᠪᠢᠰᠢᠯᠠᠭ ᠤᠨ | ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠪᠥᠬᠦ ᠬᠤᠰᠢᠭᠤᠨ ᠤ ︽ᠰᠢᠨ᠎ᠡ ᠶᠢ ᠡᠭᠦᠳᠬᠦ ᠬᠡᠯᠪᠡᠷᠢ︾᠂ ︽ᠲᠤᠰᠬᠠᠶ | ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 9 ᠪᠣᠯᠪᠠ᠃ ᠮᠧᠩ ᠸᠧᠢ ᠺᠣᠮᠫᠠᠨᠢ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠤᠨ ᠱᠢᠨ᠎ᠡ ᠶᠢ ᠡᠭᠦᠳᠬᠦ ᠭᠤᠷᠪᠠᠳᠤᠭᠠᠷ ᠪᠦᠯᠦᠭ ᠤᠨ ᠵᠢᠱᠢᠶ᠎ᠡ ᠦᠵᠡᠭᠦᠯᠬᠦ ᠠᠵᠤ | ᠠᠬᠤᠢᠯᠠᠯ ᠢᠶᠠᠷ ᠲᠣᠭᠲᠠᠭᠠᠭ ᠳᠠᠪᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠪᠠ᠃ 123 ᠵᠦᠢᠯ ᠤᠨ ᠨᠠᠷᠢᠯᠢᠭᠵᠢᠭᠤᠯᠤᠭᠰᠠᠨ ᠡᠭᠦᠷᠭᠡ ᠶᠢ ᠪᠦᠬᠦᠨ ᠢ ᠪᠡᠶᠡᠯᠡᠭᠦᠯᠵᠦ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠂ ︽ᠢᠲᠡᠭᠡᠮᠵᠢ ᠲᠠᠢ ᠬᠥᠮᠦᠰ ᠢᠷᠠᠭᠤ ᠠᠯᠳᠠᠷ ᠲᠠᠢ᠂ ᠢᠲᠡᠭᠡᠯ ᠠᠯᠳᠠᠭᠰᠠᠳ ᠨᠢ ᠢᠴᠢᠭᠦᠷᠢ | ᠭᠤᠲᠤᠮᠰᠢᠭ︾ ᠠᠭᠤᠷ ᠠᠮᠢᠰᠬᠤᠯ ᠢ ᠨᠠᠩ ᠥᠳᠬᠡᠨ ᠪᠣᠯᠭᠠᠪᠠ᠃ | ᠨᠢᠭᠡ ᠵᠢᠯ ᠤᠨ ᠳᠤᠷᠰᠢ᠂ ᠪᠢᠳᠡ ᠪᠦᠬᠦ ᠬᠦᠴᠦ ᠪᠠᠨ ᠰᠢᠪᠬᠠᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ | ᠬᠦᠭᠵᠢᠯᠳᠡ ᠶᠢᠨ ᠬᠦᠳᠡᠯᠭᠡᠭᠦ ᠬᠦᠴᠦᠨ ᠦᠷᠭᠦᠯᠵᠢᠯᠡᠨ ᠴᠢᠩᠭᠠᠷᠠᠪᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠪᠡ᠃ ᠬᠤᠰᠢᠭᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠤᠨ᠎ᠠ᠃ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ | ᠬᠠᠮᠢᠶᠠᠷᠬᠤ︾ ᠥᠭᠡᠷᠡᠴᠢᠯᠡᠯᠲᠡ ᠨᠢ ᠦᠨᠡᠨ ᠪᠣᠳᠠᠲᠠᠢ ᠰᠢᠪᠲᠤᠯᠤᠯᠲᠠ ᠲᠠᠢ ᠪᠣᠯᠪᠠ᠃ ᠪᠥᠬᠦ ᠵᠢᠯ ᠳᠤ ᠠᠷᠠᠳ ᠲᠤ | ᠲᠥᠬᠦᠮ ᠦᠵᠡᠭᠦᠯᠬᠦ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡ 6.3 | ᠲᠦᠮᠡᠨ ᠬᠤᠪᠢ ᠭᠦᠢᠴᠡᠳᠬᠡᠪᠡ᠃ ᠤᠯᠠᠭᠠᠨᠬᠠᠳᠠ ᠰᠤᠮᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ᠢ ᠥᠪᠡᠷᠲᠡᠭᠡᠨ ᠵᠠᠰᠠᠬᠤ ᠣᠷᠣᠨ ᠤ ᠬᠡᠪ ᠳᠠᠭᠤᠷᠢᠶᠠᠯ ᠤᠨ ᠬᠡᠯᠪᠡᠷᠢ ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠥᠭᠡᠳ ᠪᠥᠬᠦ ᠬᠤᠲᠠ ᠳᠤ ᠡᠩ | ᠲᠡᠷᠢᠭᠦᠨ ᠳᠤ ︽ᠡᠭᠦᠯᠡᠨ ᠰᠠᠭᠤᠳᠠᠯ︾ ᠢ ᠳᠡᠯᠭᠡᠷᠡᠭᠦᠯᠪᠡ᠃ ᠪᠥᠬᠦ ᠵᠢᠯ ᠳᠤ ᠠᠵᠤ ᠠᠬᠤᠶᠢᠯᠠᠯ ᠤᠨ ᠭᠠᠶᠢᠯᠢ | ᠰᠦᠢᠳᠭᠡᠯ ᠢ 6.35 ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠦᠨ᠂ ᠪᠥᠬᠦ ᠬᠤᠰᠢᠭᠤᠨ ᠤ ᠳᠤᠮᠳᠠ ᠵᠢᠵᠢᠭ | ᠪᠢᠴᠢᠯ ᠠᠵᠤ ᠠᠬᠤᠶᠢᠯᠠᠯ ᠳᠤ 10.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠬᠠᠩᠭᠠᠪᠠ᠃ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠤ ᠠᠬᠤᠶᠢᠯᠠᠯ ᠢ | 13 ᠡᠷᠦᠬᠡ ᠪᠤᠶᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 1593 ᠡᠷᠦᠬᠡ ᠰᠢᠨ᠎ᠡ ᠪᠠᠷ | ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.9% ᠨᠡᠮᠡᠭᠳᠡᠪᠡ᠃ | ᠥᠭᠡᠷᠡᠴᠢᠯᠡᠯᠲᠡ ᠶᠢᠨ ᠠᠯᠬᠤᠴᠠ ᠦᠷᠭᠦᠯᠵᠢᠯᠡᠨ ᠲᠦᠷᠭᠡᠳᠪᠡ᠃ ᠠᠵᠤ ᠠᠬᠤᠢ ᠪᠣᠯᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠮᠵᠢ ᠶᠢᠨ ᠣᠨ ᠤ 46 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ | ᠪᠡᠶᠡᠯᠡᠭᠦᠯᠪᠡ᠃ ᠪᠠᠶᠠᠨᠴᠠᠭᠠᠨ ᠪᠠᠯᠭᠠᠰᠤ᠂ ᠤᠯᠠᠭᠠᠨᠬᠠᠳᠠ ᠰᠤᠮᠤ ᠶᠢ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ | ᠪᠠᠯᠭᠠᠰᠤ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠨᠢᠭᠡᠳᠦᠭᠡᠷ ᠪᠦᠯᠦᠭ ᠤᠨ | ᠲᠤᠷᠰᠢᠯᠲᠠ ᠶᠢᠨ ᠰᠢᠶᠠᠩ ᠪᠠᠯᠭᠠᠰᠤ ᠳᠤ ᠵᠢᠭᠰᠠᠭᠠᠨ ᠣᠷᠣᠭᠤᠯᠪᠠ᠃ ᠠᠵᠢᠯ ᠦᠢᠯᠡᠰ ᠤᠨ ᠨᠢᠭᠡᠴᠡ ᠶᠢᠨ ᠲᠤᠰᠬᠠᠶ | ᠮᠡᠷᠭᠡᠵᠢᠯ ᠤᠨ ᠠᠵᠢᠯᠲᠠᠨ ᠢ ᠱᠠᠲᠤ ᠬᠤᠪᠢᠶᠠᠨ ᠤᠷᠢᠨ ᠲᠣᠮᠢᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠪᠠᠢ | ᠵᠤᠨ ᠬᠤᠲᠠ ᠶᠢᠨ ᠲᠣᠭᠤᠷᠢᠭ ᠤᠨ ᠲᠦᠭᠡᠭᠡᠯ ᠤᠰᠤᠨ ᠤ ᠱᠠᠲᠤᠯᠢᠭ ᠤᠰᠤᠨ ᠤ ᠦᠨ᠎ᠡ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠬᠡᠷᠡᠭᠵᠢᠭᠦᠯᠪᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ | ᠮᠥᠨ ᠴᠢᠨᠠᠷ ᠤᠨ ᠠᠬᠢᠴᠠ ᠲᠠᠢ ᠪᠣᠯᠵᠤ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ᠂ ᠤᠰᠤᠨ ᠤ ᠰᠦᠢᠳᠬᠡᠯ ᠢ | ᠬᠤᠷᠢᠶᠠᠬᠤ ᠵᠡᠷᠭᠡ ᠲᠣᠭᠲᠠᠴᠠ ᠤᠯᠠᠮ ᠨᠢᠭᠡ ᠠᠯᠬᠤᠮ ᠲᠡᠭᠦᠯᠳᠡᠷᠵᠢᠪᠡ᠃ 10 ᠭᠠᠴᠠᠭ᠎ᠠ ᠲᠣᠰᠭᠤᠨ ᠤ ︽ | ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠳᠤᠷᠰᠢᠯᠳᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠬᠤᠰᠢᠭᠤᠨ ᠤ ᠣᠷᠣᠰᠢᠭᠤᠯᠭ᠎ᠠ ᠶᠢᠨ ᠣᠷᠳᠣᠨ ᠵᠢᠷᠤᠮᠵᠢᠭᠤᠨ ᠡᠵᠡᠩᠨᠡᠵᠦ᠂ | ᠣᠷᠣᠰᠢᠭᠤᠯᠭ᠎ᠠ ᠶᠢᠨ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ | ᠡᠷᠴᠢᠮᠵᠢᠭᠦᠯᠦᠨ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠃ ᠵᠦᠪᠰᠢᠶᠡᠷᠡᠭᠡᠳ ᠬᠠᠩᠭᠠᠭᠰᠠᠨ ᠦᠭᠡᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 1081.4 ᠮᠤ᠋ ᠪᠠᠶᠢᠵᠤ᠂ ᠪᠦᠬᠦ ᠵᠢᠯ ᠳᠤ 4254 ᠮᠤ᠋ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠯᠬᠤ ᠪᠠᠷ ᠵᠦᠪᠰᠢᠶᠡᠷᠡᠭᠳᠡᠵᠦ᠂ ᠴᠢᠬᠤᠯᠠ ᠶᠡᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠨᠥᠬᠦᠪᠥᠷᠢᠯᠡᠨ | ᠬᠠᠭᠠᠯᠪᠤᠷᠢᠯᠠᠬᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ 324 ᠮᠥ ᠪᠡᠶᠡᠯᠡᠭᠦᠯᠵᠦ᠂ ᠪᠡᠶᠡᠯᠡᠭᠦᠯᠦᠭᠰᠡᠨ | ᠨᠣᠷᠮ᠎ᠠ ᠶᠢ 112% ᠢᠶᠠᠷ ᠪᠡᠶᠡᠯᠡᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠮᠤᠵᠢ ᠠᠯᠤᠰᠯᠠᠨ ᠠᠷᠠᠯᠵᠢᠶᠠᠯᠠᠬᠤ ᠶᠢ ︽ᠡᠳ᠋ ᠤᠨ | ᠵᠠᠰᠠᠭ ᠤᠨ ᠣᠷᠣᠯᠭ᠎ᠠ ᠶᠢ 1.5 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠤᠰᠤ ᠶᠢ ᠬᠡᠮᠵᠢᠬᠦ ᠪᠠ ᠶᠡᠷᠦᠩᠬᠡᠶ | ᠬᠡᠮᠵᠢᠶ᠎ᠡ ᠶᠢ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠧᠩ ᠸᠧᠶ ᠺᠣᠮᠫᠠᠨᠢ ᠪᠥᠬᠦ ᠬᠤᠲᠠ ᠶᠢᠨ ᠨᠢᠭᠡᠳᠦᠭᠡᠷ | ᠪᠦᠯᠦᠭ ᠬᠤᠲᠠ ᠶᠢᠨ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠠᠮᠵᠢᠯᠲᠠ ᠲᠠᠢ ᠡᠭᠦᠳᠦᠨ | ᠪᠠᠶᠢᠭᠤᠯᠪᠠ᠃ ᠬᠦᠷᠢᠶᠡᠯᠡᠩ ᠲᠣᠭᠤᠷᠢᠭ ᠤᠨ ᠠᠶᠤᠯᠲᠠᠶ ᠬᠢᠮᠢ ᠶᠢᠨ ᠲᠡᠷᠭᠡᠨ ᠵᠣᠭᠰᠣᠭᠠᠯ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠴᠠᠬᠢᠯᠭᠠᠨ ᠬᠦᠴᠦᠨ ᠤ | ᠱᠤᠭᠤᠮ ᠢ ᠲᠠᠰ ᠳᠡᠪᠰᠢᠭᠦᠯᠬᠦ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠢᠳᠡᠪᠬᠢᠲᠡᠶ | ᠠᠬᠢᠴᠠ ᠲᠠᠢ ᠪᠣᠯᠵᠣ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠭᠤᠰᠤᠯᠴᠠᠨ ᠬᠦᠭᠵᠢᠬᠦ ᠶᠢ ᠨᠢᠭᠡᠳᠦᠯᠲᠠᠢ ᠲᠦᠯᠦᠪᠵᠢᠬᠦᠯᠦᠨ ᠠᠬᠢᠭᠤᠯᠵᠤ᠂ | ᠬᠤᠳᠠ ᠬᠦᠳᠡᠭᠡ ᠶᠢᠨ ᠲᠦᠷᠰᠦ ᠪᠠᠶᠢᠳᠠᠯ ᠴᠤ᠋ ᠰᠢᠨ᠎ᠡ ᠪᠠᠶᠢᠳᠠᠯ ᠲᠠᠢ ᠪᠤᠯᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃ ᠡᠳ᠋ ᠤᠨ ᠵᠠᠰᠠᠭ ᠢ | ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ ᠶᠢ 1.8 | ᠳ᠋ᠦᠩᠰᠢᠭᠤᠷ ᠲᠥᠭᠦᠷᠢᠭ ᠣᠷᠣᠭᠤᠯᠵᠤ᠂ ᠡᠯ᠎ᠡ ᠲᠥᠷᠥᠯ ᠤᠨ ᠲᠥᠷᠥᠯ ᠵᠦᠢᠯ ᠢ 48 ᠬᠡᠷᠡᠭᠵᠢᠭᠦᠯᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠬᠤ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠪᠥᠬᠦ ᠵᠢᠯ ᠳᠤ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ | ᠮᠥᠩᠭᠦ ᠶᠢ 1351.6 ᠲᠦᠮᠡᠨ ᠲᠥᠭᠦᠷᠢᠭ ᠣᠷᠣᠭᠤᠯᠤᠨ ᠠᠪᠴᠢᠷᠠᠵᠤ᠂ ︽ᠰᠠᠶᠢᠨ ᠲᠠᠷᠢᠶᠠᠨ ᠭᠠᠵᠠᠷ ᠤᠨ | ᠳᠠᠭᠠᠳᠬᠠᠯ︾᠂ ︽ᠲᠠᠷᠢᠶᠠᠯᠠᠩ ᠤᠨ ᠶᠠᠭᠠᠷᠠᠤ ᠳᠠᠭᠠᠳᠬᠠᠯ︾᠂ ︽ᠳᠠᠭᠠᠳᠬᠠᠯ ᠤᠨ ᠬᠤᠭᠤᠴᠠᠭᠠᠲᠤ ᠪᠠᠷᠠᠭ᠎ᠠ︾ | ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠰᠢᠨ᠎ᠡ ᠪᠠᠷ ᠡᠭᠦᠳᠦᠨ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ | ᠬᠥᠭᠵᠢᠯᠲᠡ ᠳᠤ ᠪᠦᠲᠦᠮᠵᠢᠲᠡᠶ ᠪᠠᠲᠤᠯᠠᠭ᠎ᠠ ᠬᠠᠩᠭᠠᠪᠠ᠃ 10 ᠠᠷᠭ᠎ᠠ ᠬᠡᠮᠵᠢᠶ᠎ᠡ ᠠᠪᠴᠤ ᠪᠠᠶᠢᠭᠠᠳ ᠭᠠᠮᠰᠢᠭ ᠠᠴᠠ | ᠠᠪᠤᠷᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ | ᠵᠤᠶᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠪᠥᠬᠦ | ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠢᠨᠠᠨ ᠬᠡᠮᠵᠢᠭᠰᠡᠨ ᠡᠲᠡᠭᠡᠳ ᠤᠨ ᠬᠥᠮᠦᠨ | ᠳᠤᠮᠳᠠᠴᠢ ᠶᠢᠨ ᠴᠡᠪᠡᠷ ᠣᠷᠣᠯᠭ᠎ᠠ 18187 ᠲᠥᠭᠦᠷᠢᠭ ᠲᠤ ᠬᠦᠷᠴᠦ᠂ ︽ᠬᠤᠶᠠᠷ ᠠᠴᠠ ᠶᠡᠭᠡ︾ ᠬᠠᠷᠠᠯᠲᠠ ᠶᠢ | ᠪᠡᠶᠡᠯᠡᠭᠦᠯᠪᠡ᠃ | ᠾᠧ ᠮᠧᠢ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠣᠷᠮ᠎ᠠ ᠶᠢ 80% ᠠᠴᠠ | ᠳᠡᠭᠡᠭᠰᠢ ᠳᠤ ᠬᠦᠷᠦᠭᠦᠯᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ | ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠢ 2 ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 64.2 | ᠺᠢᠯᠤᠮᠧᠲᠷ ᠪᠦᠲᠦᠭᠡᠨ ᠪᠠᠶᠢᠭᠤᠯᠤᠨ᠎ᠠ᠃ 8 ᠲᠣᠰᠬᠤᠨ ᠤ ᠱᠠᠲᠤᠨ ᠤ ᠪᠣᠬᠢᠷ ᠤᠰᠤ ᠰᠢᠢᠳᠪᠦᠷᠢᠯᠡᠬᠦ ᠥᠷᠲᠡᠭᠡ ᠶᠢ | ᠪᠠᠶᠢᠭᠤᠯᠵᠤ᠂ 341 ᠡᠷᠦᠬᠡ ᠶᠢᠨ ᠵᠣᠷᠯᠣᠩ ᠢ ᠥᠭᠡᠷᠡᠴᠢᠯᠡᠪᠡ᠃ ᠰᠢᠯᠢ ᠰᠢᠶᠠᠩ ᠤᠨ 10 ᠵᠠᠬ᠎ᠠ ᠬᠢᠵᠠᠭᠠᠷ | ᠭᠠᠴᠠᠭ᠎ᠠ ᠲᠣᠰᠬᠤᠨ ᠳᠤ 228 ᠡᠷᠦᠬᠡ ᠮᠠᠯᠴᠢᠨ ᠲᠠᠷᠢᠶᠠᠴᠢᠨ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠪᠡ᠃ ᠪᠠᠶᠠᠨᠴᠠᠭᠠᠨ ᠪᠠᠯᠭᠠᠰᠤᠨ ᠤ ᠳ᠋ᠠᠵᠢᠩ ᠲᠤᠰᠬᠤᠨ᠂ ᠳᠤᠯᠤᠭᠠᠨᠬᠤᠳᠳᠤᠭ ᠰᠤᠮᠤᠨ ᠤ | ᠪᠤᠯᠠᠭᠲᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠩᠬᠠᠳᠠᠭᠴᠢ ᠪᠦᠯᠦᠭ | ︽ᠾᠧ ᠮᠧᠢ ᠬᠥᠳᠡᠭᠡ ᠲᠣᠰᠬᠤᠨ ᠤ ᠲᠤᠷᠰᠢᠯᠲᠠ ᠶᠢᠨ ᠴᠡᠭ︾ ᠢᠶᠠᠷ ᠰᠣᠩᠭᠤᠭᠳᠠᠪᠠ᠃ | ᠬᠤᠲᠠ ᠪᠠᠯᠭᠠᠰᠤᠨ ᠤ ᠳᠦᠷᠰᠦ ᠪᠠᠶᠢᠳᠠᠯ ᠦᠷᠭᠦᠯᠵᠢᠯᠡᠨ ᠰᠢᠨᠡᠳᠪᠡ᠃ ᠵᠠᠮ ᠤᠨ ᠭᠠᠳᠠᠷᠭᠤ ᠶᠢ | ᠬᠠᠲᠠᠭᠤᠷᠠᠭᠤᠯᠵᠤ᠂ ᠵᠠᠮ ᠬᠠᠷᠢᠯᠴᠠᠭᠠᠨ ᠤ ᠲᠡᠮᠳᠡᠭ᠂ ᠭᠡᠷᠡᠯᠲᠦᠭᠦᠯᠭᠡ᠂ ᠰᠦᠯᠵᠢᠶᠡᠨ ᠤ ᠳᠣᠬᠢᠶ᠎ᠠ ᠶᠢ ᠪᠥᠬᠦ | ᠬᠤᠲᠠ ᠳᠤ ᠨᠡᠪᠲᠡᠷᠡᠭᠦᠯᠪᠡ᠃ ᠪᠠᠢ ᠵᠧᠨ ᠬᠤᠲᠠ ᠶᠢᠨ ᠲᠣᠭᠤᠷᠢᠭ ᠤᠨ ᠤᠰᠤ ᠵᠠᠯᠠᠬᠤ ᠤᠰᠤᠲᠤᠯ ᠰᠡᠷᠭᠡᠶᠢᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠪᠦᠬᠦ ᠲᠠᠯ᠎ᠠ ᠪᠠᠷ ᠳᠠᠭᠤᠰᠭᠠᠪᠠ᠃ | ᠬᠤᠲᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ 27 ᠺᠢᠯᠤᠮᠧᠲᠷ ᠥᠭᠡᠷᠡᠴᠢᠯᠡᠨ | ᠳᠡᠭᠡᠭᠰᠢᠯᠡᠭᠦᠯᠵᠦ᠂ ᠬᠤᠯᠠ ᠳᠠᠮᠵᠢᠭᠤᠯᠬᠤ ᠣᠶᠤᠨᠴᠢ ᠤᠰᠤᠨ ᠤ ᠬᠡᠮᠵᠢᠭᠦᠷ ᠢ 2.4 ᠲᠦᠮᠡᠨ ᠬᠡᠰᠡᠭ ᠤᠭᠰᠠᠷᠠᠨ | ᠰᠣᠯᠢᠵᠤ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ︽ᠠᠯᠠᠭᠠᠨ ᠳᠡᠭᠡᠷ᠎ᠡ ᠰᠦᠢᠳᠬᠡᠯ ᠲᠤᠰᠢᠶᠠᠬᠤ︾ ᠶᠢ | ᠪᠡᠶᠡᠯᠡᠭᠦᠯᠪᠡ᠃ 4 ︽ᠬᠠᠷᠮᠠᠨ ᠴᠡᠴᠡᠷᠯᠢᠭ︾ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 14 ︽ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠬᠠᠭᠤᠷᠠᠶ ᠵᠣᠷᠯᠣᠩ ᠢ ᠥᠭᠡᠷᠡᠴᠢᠯᠡᠨ ᠵᠠᠰᠠᠵᠤ᠂ 1400 | ᠲᠡᠷᠭᠡᠨ ᠵᠣᠭᠰᠣᠭᠠᠯ ᠢ ᠨᠥᠬᠦᠪᠦᠷᠢᠯᠡᠨ ᠬᠤᠪᠢᠶᠠᠷᠢᠯᠠᠵᠤ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ᠂ | 3198 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠵᠦᠭᠦᠷ ᠢ ᠰᠢᠨ᠎ᠡ ᠪᠠᠷ ᠭᠠᠷᠭᠠᠵᠤ᠂ | ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠵᠢᠴᠢ ᠴᠠᠬᠢᠯᠭᠠᠨ ᠱᠠᠲᠤ ᠶᠢᠨ | ᠡᠵᠡᠮᠰᠢᠯ ᠤᠨ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ ᠪᠥᠬᠦ ᠬᠤᠲᠠ ᠳᠤ ᠲᠡᠷᠢᠭᠦᠯᠡᠪᠡ᠃ | ᠨᠢᠭᠡ ᠵᠢᠯ ᠤᠨ ᠲᠤᠷᠰᠢ ᠪᠢᠳᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠦᠬᠦᠷᠡᠰᠢ ᠦᠭᠡᠢ | ᠪᠠᠷᠢᠮᠳᠠᠯᠠᠵᠤ᠂ ᠨᠡᠶᠢᠭᠡᠮ ᠤᠨ ᠠᠵᠢᠯ ᠦᠢᠯᠡᠰ ᠨᠡᠩ ᠬᠠᠶᠢᠷ᠎ᠠ ᠰᠡᠳᠬᠢᠯᠭᠡ ᠲᠠᠢ ᠪᠣᠯᠵᠠᠢ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠰᠠᠶᠢᠵᠢᠷᠠᠪᠠ᠃ ᠡᠳ᠋ ᠤᠨ ᠵᠠᠰᠠᠭ ᠤᠨ ᠪᠠᠯᠠ | ᠮᠥᠩᠭᠦ ᠶᠢᠨ ᠵᠠᠷᠤᠯᠭ᠎ᠠ ᠶᠢᠨ 85% ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠦ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 500 ᠢᠵᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠪᠠᠶᠢᠭᠤᠯᠵᠤ᠂ | 30 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ | ︽ᠭᠤᠷᠪᠠᠨ ᠬᠦᠴᠢᠷᠳᠡᠯ︾ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠥᠳᠡᠯᠦᠩᠭᠦᠶ ᠪᠠᠷ | ᠦᠭᠡᠶᠢᠰᠬᠡᠬᠦ ᠶᠢ ᠪᠡᠶᠡᠯᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢ ᠨᠠᠩ ᠲᠡᠭᠦᠯᠳᠡᠷᠵᠢᠭᠦᠯᠪᠡ᠃ ᠬᠤᠲᠠ | ᠪᠠᠯᠭᠠᠰᠤᠨ ᠤ 352 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 3% ᠠᠴᠠ ᠳᠣᠷᠣᠭᠰᠢ ᠬᠢᠵᠠᠭᠠᠷᠯᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ | ︽ᠨᠢᠭᠡ ᠮᠥᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠨᠢ ᠣᠯᠭᠤᠬᠤ ᠶᠢ ᠪᠡᠶᠡᠯᠡᠭᠦᠯᠬᠦ ᠬᠡᠷᠡᠭᠲᠡᠶ᠃ ᠪᠦᠬᠦ | ᠬᠤᠲᠠ ᠳᠤ ᠤᠷᠢᠳᠠᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠮᠲᠤ ᠶᠢᠨ | ᠠᠵᠤ ᠠᠬᠤᠢ ᠶᠢᠨ ᠨᠥᠬᠦᠪᠥᠷᠢ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠦᠨᠳᠦᠰᠦᠨ | ᠨᠠᠰᠤᠵᠢᠯ ᠤᠨ ᠳᠠᠭᠠᠳᠬᠠᠯ ᠳᠤ ᠬᠠᠤᠯᠢ ᠪᠠᠷ ᠲᠣᠭᠲᠠᠭᠠᠭᠰᠠᠨ ᠬᠥᠮᠦᠰ ᠢ ᠪᠦᠬᠦᠨ ᠢ ᠬᠠᠮᠤᠷᠤᠭᠤᠯᠬᠤ ᠶᠢ | ᠪᠡᠶᠡᠯᠡᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠬᠢᠷᠢ ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 100% ᠳᠤ ᠬᠦᠷᠦᠭᠦᠯᠵᠦ᠂ ︽ᠭᠤᠷᠪᠠᠨ ᠳᠠᠪᠬᠤᠷ ᠪᠠᠲᠤᠯᠠᠭ᠎ᠠ︾ ᠶᠢᠨ ᠲᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠪᠠ᠃ ᠬᠤᠲᠠ ᠬᠥᠳᠡᠭᠡ ᠶᠢᠨ ᠣᠨᠴᠠᠭᠠᠢ ᠬᠦᠴᠢᠷᠳᠡᠯᠲᠡᠶ ᠣᠯᠠᠨ ᠲᠦᠮᠡᠨ ᠳᠤ ︽ | ᠠᠷᠠᠳ ᠲᠤ ᠠᠰᠢᠭ ᠬᠦᠷᠲᠡᠭᠡᠬᠦ ᠳᠠᠭᠠᠳᠬᠠᠯ︾ ᠤᠨ ᠳᠠᠭᠠᠳᠬᠠᠯ ᠤᠨ ᠬᠠᠭᠤᠳᠠᠰᠤ ᠬᠤᠳᠠᠯᠳᠤᠨ ᠠᠪᠴᠤ ᠥᠭᠴᠦ᠂ | ᠪᠥᠬᠦ ᠬᠤᠰᠢᠭᠤᠨ ᠤ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠢ ᠴᠥᠮ ᠨᠠᠰᠤᠲᠠᠶᠢᠴᠤᠳ ᠤᠨ ᠰᠠᠨᠠᠭᠠᠨ ᠳᠤ | ᠥᠬᠡᠶ ᠭᠡᠮᠲᠦᠯ ᠤᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠵᠡᠮᠳᠡᠭ᠂ ᠠᠰᠠᠷᠠᠨ ᠬᠠᠷᠠᠭᠠᠯᠵᠠᠬᠤ ᠵᠡᠷᠭᠡ ᠡᠯ᠎ᠡ ᠲᠥᠷᠥᠯ ᠤᠨ | ᠠᠪᠤᠷᠠᠨ ᠲᠤᠰᠠᠯᠠᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠣᠯᠠᠨ ᠨᠡᠶᠢᠲᠡ ᠶᠢᠨ ᠦᠢᠯᠡᠴᠢᠯᠡᠭᠡ ᠶᠢ ᠨᠡᠩ ᠲᠡᠩᠴᠡᠭᠦᠷᠢᠲᠡᠢ ᠪᠣᠯᠭᠠᠨ᠎ᠠ᠃ ᠡᠯ᠎ᠡ ᠲᠥᠷᠥᠯ ᠤᠨ ᠪᠡᠯᠡ | ᠮᠥᠩᠭᠦ ᠶᠢ 7500 ᠲᠦᠮᠡᠨ ᠲᠥᠭᠦᠷᠢᠭ ᠴᠢᠷᠮᠠᠶᠢᠨ ᠣᠯᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠭᠤᠤᠯᠳᠠᠯᠭ᠎ᠠ ᠲᠠᠢ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ 12 ᠰᠤᠷᠭᠠᠭᠤᠯᠢ ᠶᠢᠨ ᠭᠠᠯ | ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ᠵᠢᠵᠢᠭ ᠠᠨᠠᠷ ᠤᠨ | ᠦᠷ᠎ᠡ ᠶᠢᠨ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠪᠡᠷ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 4. | 2% ᠨᠡᠮᠡᠭᠳᠡᠪᠡ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ | ᠠᠰᠠᠷ ᠢ ᠠᠰᠢᠭᠯᠠᠯᠲᠠ ᠳᠤ ᠣᠷᠣᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ | ᠭᠤᠤᠯ ᠴᠣᠭᠴᠠ ᠶᠢᠨ ᠠᠵᠢᠯ ᠳᠠᠭᠤᠰᠪᠠ᠃ ᠰᠢᠨ᠎ᠡ ᠪᠠᠷ ᠨᠡᠮᠡᠭᠳᠡᠭᠰᠡᠨ ᠨᠢᠯᠬ᠎ᠠ ᠬᠡᠦᠬᠡᠳ ᠤᠨ ᠣᠷᠣᠨ ᠪᠠᠶᠢᠷᠢ ᠶᠢ | 40 ᠪᠣᠯᠭᠠᠵᠤ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠪᠥᠬᠦ ᠤᠯᠤᠰ ᠤᠨ ᠲᠦᠷᠭᠡᠨ ᠴᠢᠨᠠᠷᠲᠠᠶ ᠠᠮᠢᠰᠬᠤᠯ ᠤᠨ ᠵᠠᠮ ᠤᠨ | ᠬᠠᠯᠳᠠᠪᠤᠷᠢᠲᠤ ᠡᠪᠡᠳᠴᠢᠨ ᠤ ᠬᠠᠷᠠᠭᠤᠯ ᠤᠨ ᠴᠡᠭ ᠤᠨ ᠡᠮᠨᠡᠯᠭᠡ ᠶᠢᠨ ᠬᠤᠷᠢᠶ᠎ᠠ ᠪᠠᠷ ᠨᠤᠲᠠᠯᠠᠭᠳᠠᠪᠠ᠃ ᠵᠣᠯ | ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ 6 ᠭᠠᠵᠠᠷ ᠢ ᠬᠡᠷᠡᠭᠵᠢᠭᠦᠯᠵᠦ᠂ | 178 ᠡᠷᠦᠬᠡ ᠳᠤ ᠵᠣᠬᠢᠴᠠᠭᠤᠯᠤᠨ ᠥᠭᠡᠷᠡᠴᠢᠯᠡᠯᠲᠡ ᠬᠢᠵᠦ᠂ 18 ᠨᠠᠰᠤᠲᠠᠨ ᠢ ᠠᠰᠠᠷᠠᠵᠤ ᠲᠤᠰᠠᠯᠠᠬᠤ ᠬᠤᠭᠤᠯᠠᠨ | ᠴᠡᠭ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ᠂ ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ ᠬᠠᠯᠠᠭᠳᠠᠭᠰᠠᠳ᠂ ᠬᠠᠩᠭᠠᠨ | ᠪᠣᠷᠣᠯᠠᠭᠤᠯᠬᠤ ᠬᠠᠮᠲᠤᠷᠠᠯᠴᠠᠭ᠎ᠠ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠴᠥᠮ ᠰᠢᠨ᠎ᠡ ᠳᠠᠪᠰᠢᠯᠲᠠ ᠲᠠᠢ ᠪᠣᠯᠪᠠ᠃ | ᠨᠢᠭᠡ ᠵᠢᠯ ᠤᠨ ᠲᠤᠷᠰᠢ ᠪᠢᠳᠠ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ | ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 144 ᠬᠤᠪᠢ ᠭᠦᠢᠴᠡᠳᠬᠡᠵᠦ᠂ | ᠰᠢᠢᠳᠪᠤᠷᠢᠯᠡᠵᠤ ᠳᠠᠭᠤᠰᠬᠠᠭᠰᠠᠨ ᠨᠣᠷᠮ᠎ᠠ 100% ᠳᠤ ᠬᠥᠷᠪᠡ᠃ ︽12345︾ ᠬᠠᠯᠠᠮᠰᠢᠯ ᠤᠲᠠᠰᠤ ᠶᠢᠨ | ᠠᠵᠢᠯ ᠤᠨ ᠬᠠᠭᠤᠳᠠᠰᠤ ᠶᠢ 5903 ᠬᠤᠪᠢ ᠰᠢᠢᠳᠪᠦᠷᠢᠯᠡᠨ ᠳᠠᠭᠤᠰᠬᠠᠵᠤ᠂ ᠶᠡᠷᠦᠩᠬᠡᠶᠢᠯᠡᠭᠰᠡᠨ ᠨᠡᠷᠡᠰ ᠤᠨ | ᠵᠢᠭᠰᠠᠭᠠᠯᠲᠠ ᠨᠢ ᠭᠤᠷᠪᠠᠨ ᠵᠢᠯ ᠳᠠᠷᠠᠭᠠᠯᠠᠨ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠵᠠᠰᠠᠭ ᠤᠨ ᠣᠷᠳᠣᠨ ᠤ | ᠠᠵᠢᠯ ᠤᠨ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ 301 | ᠬᠤᠪᠢ ᠰᠢᠢᠳᠪᠦᠷᠢᠯᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠵᠢᠷᠤᠮᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠶᠠᠪᠠᠭᠠᠨ ᠲᠡᠷᠭᠡ︾ ᠶᠢᠨ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ | ᠤᠶᠤᠨ ᠴᠢᠳᠠᠯ ᠢᠶᠠᠨ ᠭᠠᠷᠭᠠᠵᠤ ᠪᠠᠶᠢᠭᠠᠳ ᠦᠢᠯᠡᠰ ᠪᠤᠰᠬᠠᠵᠤ᠂ ᠤᠯᠠᠨ ᠲᠦᠮᠡᠨ ᠳᠤ ᠦᠢᠯᠡᠴᠢᠯᠡᠭᠦᠯᠦᠨ᠎ᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢ ᠪᠥᠬᠦ ᠲᠠᠯ᠎ᠠ ᠪᠠᠷ ᠪᠦᠷᠢᠳᠬᠡᠵᠦ᠂ ᠡᠯ᠎ᠡ ᠵᠦᠢᠯ ᠤᠨ | ᠠᠵᠢᠯ ᠨᠢ ᠪᠠᠶᠠᠷᠯᠠᠭᠤᠰᠢᠲᠠᠶ ᠠᠮᠵᠢᠯᠲᠠ ᠣᠯᠵᠤ᠂ ᠢᠯᠠᠩᠭᠤᠶ᠎ᠠ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ | ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠪᠠᠷ ᠬᠠᠶᠢᠨ ᠰᠦᠪᠡᠭᠴᠢᠯᠡᠵᠦ | ᠰᠢᠨ᠎ᠡ ᠶᠢ ᠡᠭᠦᠳᠴᠦ᠂ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠶᠠᠪᠤᠵᠤ᠂ ᠥᠪᠡᠷ ᠤᠨ ᠣᠨᠴᠠᠯᠢᠭ ᠪᠠ | ᠳᠠᠪᠠᠭᠤᠯᠢᠭ ᠢ ᠪᠣᠶ ᠪᠣᠯᠭᠠᠪᠠ᠃ | ᠲᠡᠮᠡᠴᠡᠯ ᠬᠦᠴᠢᠷ ᠪᠡᠷᠬᠡᠰᠢᠶᠡᠯ ᠢᠶᠠᠷ ᠳᠦᠭᠦᠷᠴᠦ᠂ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ | ᠪᠢᠰᠢ ᠶᠤᠮ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ | ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ | ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠶᠢᠨ ᠦᠷ᠎ᠡ | ᠳ᠋ᠦᠩ ᠮᠥᠨ᠂ ᠪᠠᠰᠠ ᠴᠤ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ | ᠮᠥᠨ︕ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠪᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠭᠰᠠᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ | ᠦᠭᠡᠢ ᠲᠠᠯ᠎ᠠ ᠣᠷᠣᠰᠢᠵᠤ ᠪᠠᠶᠢᠨ᠎ᠠ᠄ ᠠᠵᠤ ᠦᠢᠯᠡᠰ ᠤᠨ ᠪᠦᠲᠦᠴᠡ ᠶᠢ ᠮᠥᠨ ᠬᠦ ᠰᠢᠯᠢᠳᠡᠭᠵᠢᠭᠦᠯᠬᠦ ᠴᠢᠬᠤᠯᠠᠲᠠᠶ | ᠪᠠᠶᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠨᠡᠯᠢᠶᠡᠳ | ᠤᠳᠠᠭᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠮᠥᠨ ᠬᠦ | ᠡᠬᠢᠯᠡᠯᠲᠡ ᠶᠢᠨ ᠱᠠᠲᠤᠨ ᠳᠤ ᠣᠷᠣᠰᠢᠵᠤ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠬᠠᠷᠢᠴᠠᠩᠭᠤᠶ ᠲᠤᠪᠤᠶᠢᠮ᠎ᠠ ᠪᠠᠶᠢᠨ᠎ᠠ︔ ᠠᠮᠢ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ︔ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠷᠠᠳ ᠤᠨ | ᠠᠮᠢᠳᠤᠷᠠᠯ ᠤᠨ ᠪᠠᠲᠤᠯᠠᠭ᠎ᠠ ᠮᠥᠨ ᠬᠦ ᠳᠤᠲᠠᠭᠤᠳᠠᠯ ᠣᠷᠣᠰᠢᠵᠤ ᠪᠠᠶᠢᠨ᠎ᠠ᠃ ᠡᠭᠦᠨ ᠳᠤ ᠪᠢᠳᠡ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ | ᠰᠢᠢᠳᠪᠤᠷᠢᠯᠡᠵᠤ᠂ ᠵᠠᠰᠠᠭ ᠤᠨ ᠣᠷᠳᠣᠨ ᠤ ᠠᠵᠢᠯ ᠢ ᠨᠠᠩ ᠪᠣᠳᠠᠲᠠᠶ ᠬᠢᠵᠦ᠂ ᠨᠠᠩ ᠰᠠᠶᠢᠲᠤᠷ ᠬᠢᠬᠦ ᠪᠠᠷ ᠴᠢᠷᠮᠠᠶᠢᠨ᠎ᠠ᠃ | | ᠬᠤᠶᠠᠷ᠂ 2025 ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠪᠠᠶᠢᠷᠢᠯᠠᠭᠤᠯᠬᠤ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ | ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ︽ | ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ | ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠨ᠂ ᠠᠷᠠᠳ ᠤᠨ ᠠᠮᠢᠳᠤᠷᠠᠯ ᠢ ᠦᠷᠭᠦᠯᠵᠢᠯᠡᠨ | ᠪᠠᠲᠤᠯᠠᠨ ᠰᠠᠶᠢᠵᠢᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 10% ᠠᠴᠠ ᠳᠡᠭᠡᠭᠰᠢ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 4% ᠠᠴᠠ ᠳᠡᠭᠡᠭᠰᠢ ᠨᠡᠮᠡᠭᠳᠡᠭᠦᠯᠦᠨ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠠᠴᠠ ᠳᠡᠭᠡᠭᠰᠢ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ | ᠨᠡᠮᠡᠭᠳᠡᠯ ᠢ ᠦᠨᠳᠦᠰᠦᠨ ᠳᠤ ᠪᠠᠨ ᠵᠡᠷᠭᠡᠴᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ᠠᠵᠤ | ᠠᠬᠤᠢ ᠶᠢᠨ ᠨᠡᠮᠡᠭᠳᠡᠯ ᠢ ᠠᠬᠢᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ | ᠲᠥᠷᠥ ᠶᠢᠨ ᠪᠣᠳᠣᠯᠭ᠎ᠠ ᠶᠢᠨ ᠠᠰᠢᠭ ᠢ ᠰᠠᠶᠢᠲᠤᠷ ᠠᠰᠢᠭᠯᠠᠨ᠎ᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠵᠤ ᠠᠬᠤᠶ ᠶᠢᠨ ᠠᠵᠢᠯ ᠤᠨ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ | ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ᠂ | ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠵᠡᠷᠭᠡ ᠪᠠᠯᠠ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠣᠨᠣᠪᠴᠢᠲᠠᠶ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠰᠦᠪᠡᠭᠴᠢᠯᠡᠵᠦ᠂ ᠢᠳᠡᠪᠬᠢᠲᠡᠶ ᠪᠠᠷ | ᠴᠢᠷᠮᠠᠶᠢᠨ ᠣᠯᠵᠤ᠂ ᠨᠢᠭᠡ ᠪᠦᠯᠦᠭ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ | ᠪᠠᠯᠭᠠᠰᠤᠨ ᠤ ᠰᠢᠨᠡᠳᠬᠡᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ᠂ | ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠲᠥᠷᠥᠯ ᠵᠦᠢᠯ ᠤᠨ ᠬᠡᠪᠴᠢᠶᠡᠨ ᠳᠤ ᠣᠷᠣᠭᠤᠯᠬᠤ ᠪᠠᠷ | ᠴᠢᠷᠮᠠᠶᠢᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠦᠷᠦᠯ ᠵᠦᠢᠯ ᠤᠨ ᠦᠢᠯᠡᠴᠢᠯᠡᠭᠡ ᠪᠠ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠡᠷ᠎ᠡ ᠲᠣᠭᠲᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠵᠤ᠂ 9 ᠴᠢᠬᠤᠯᠠ ᠶᠡᠭᠡ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ | ᠡᠬᠢᠯᠡᠭᠦᠯᠵᠦ᠂ ᠲᠦᠷᠭᠡᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠵᠢᠯ ᠤᠨ ᠲᠣᠭᠲᠠᠮᠠᠯ ᠬᠦᠷᠦᠩᠭᠡ ᠶᠢᠨ | ᠪᠡᠯᠡ ᠣᠷᠣᠭᠤᠯᠤᠯᠲᠠ ᠶᠢ 33 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠬᠤ ᠥᠷᠨᠢᠯᠲᠡ ᠶᠢ ᠦᠷᠭᠦᠯᠵᠢᠯᠡᠨ ᠪᠤᠢ ᠪᠣᠯᠭᠠᠵᠤ᠂ ᠭᠤᠣᠯᠳᠠᠯᠭ᠎ᠠ ᠲᠠᠢ ᠭᠠᠵᠠᠷ ᠣᠷᠣᠨ ᠤ | ᠠᠵᠤ ᠦᠢᠯᠡᠰ ᠢ ᠰᠢᠯᠵᠢᠭᠦᠯᠬᠦ ᠪᠠ ᠤᠳᠤ ᠪᠠᠶᠢᠭ᠎ᠠ ᠠᠵᠤ ᠦᠢᠯᠡᠰ ᠤᠨ ᠳᠡᠭᠡᠳᠦ ᠲᠤᠤᠷᠠᠳᠤ ᠤᠷᠤᠰᠬᠠᠯ ᠤᠨ ᠢᠵᠢ | ᠪᠦᠷᠢᠳᠦᠭᠦᠯᠬᠦ ᠶᠢ ᠴᠢᠩᠭ᠎ᠠ ᠠᠩᠬᠠᠷᠴᠤ᠂ ᠨᠢᠭᠡ ᠪᠦᠯᠦᠭ ᠦᠨ᠎ᠡ ᠴᠠᠨ᠎ᠠ ᠲᠠᠢ ᠪᠥᠭᠡᠳ ᠭᠦᠢᠴᠡᠳ᠂ ᠨᠣᠭᠤᠭᠠᠨ | ᠠᠭᠤᠯᠤᠭᠳᠠᠴᠠ ᠲᠠᠢ᠂ ᠰᠢᠨ᠎ᠡ ᠠᠭᠤᠯᠤᠭᠳᠠᠴᠠ ᠪᠠᠷ ᠥᠨᠳᠥᠷ ᠲᠤᠮᠤ ᠠᠵᠤ ᠠᠬᠤᠶᠢᠯᠠᠯ ᠪᠠ ᠰᠠᠶᠢᠨ ᠲᠦᠷᠦᠯ | ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠪᠦᠬᠦ ᠵᠢᠯ ᠳᠤ ᠭᠡᠷ᠎ᠡ ᠲᠣᠭᠲᠠᠭᠰᠠᠨ ᠲᠦᠷᠦᠯ | ᠵᠦᠢᠯ ᠢ 75 ᠠᠴᠠ ᠳᠡᠭᠡᠭᠰᠢ ᠳᠤ ᠬᠦᠷᠭᠡᠬᠦ ᠶᠢ ᠪᠠᠲᠤᠯᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ | 10% ᠠᠴᠠ ᠳᠡᠭᠡᠭᠰᠢ ᠨᠡᠮᠡᠭᠳᠡᠭᠦᠯᠦᠨ᠎ᠡ᠃ | ᠬᠡᠷᠡᠭᠯᠡᠭᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠳᠤᠮᠳᠠ ᠳᠣᠤᠷ᠎ᠠ ᠣᠷᠣᠯᠭ᠎ᠠ ᠲᠠᠢ ᠬᠥᠮᠦᠰ ᠤᠨ | ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ | ᠬᠡᠷᠡᠭᠯᠡᠭᠡᠨ ᠤ ᠴᠢᠳᠠᠪᠤᠷᠢ ᠪᠠ ᠬᠦᠰᠡᠯ ᠡᠷᠡᠮᠡᠯᠵᠡᠯ ᠢ ᠨᠡᠮᠡᠭᠳᠡᠭᠦᠯᠦᠨ᠎ᠡ᠃ ︽ᠬᠤᠶᠠᠷ ᠰᠢᠨ᠎ᠡ︾ ᠶᠢᠨ ᠲᠥᠷᠥ ᠶᠢᠨ | ᠪᠣᠳᠣᠯᠭ᠎ᠠ ᠶᠢ ᠬᠦᠢᠴᠡᠳ ᠰᠠᠶᠢᠲᠤᠷ ᠬᠡᠷᠡᠭᠯᠡᠵᠦ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ | ᠡᠷᠭᠢᠯᠡᠵᠦ᠂ ᠬᠡᠷ ᠤᠨ ᠴᠠᠬᠢᠯᠭᠠᠨ ᠬᠡᠷᠡᠭᠰᠡᠯ᠂ ᠡᠯᠧᠺᠲᠷᠤᠨ ᠤᠶᠢᠯᠡᠳᠬᠦᠨ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ | ᠬᠥᠭᠵᠢᠭᠡᠵᠦ᠂ ᠬᠤᠭᠤᠯᠠ ᠤᠮᠳᠠ ᠬᠤᠨᠣᠭᠯᠠᠬᠤ ᠵᠡᠷᠭᠡ ᠤᠶᠢᠯᠡᠴᠢᠯᠡᠬᠡᠨ ᠤ ᠬᠡᠷᠡᠭᠯᠡᠭᠡ ᠶᠢ ᠥᠷᠭᠡᠳᠬᠡᠵᠦ᠂ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠬᠡᠷ ᠠᠬᠤᠶ ᠶᠢᠨ ᠤᠶᠢᠯᠡᠴᠢᠯᠡᠭᠡ᠂ ᠡᠮᠴᠢᠯᠡᠭᠡ ᠰᠤᠪᠢᠯᠠᠯᠲᠠ | ᠡᠷᠡᠭᠦᠯᠵᠢᠯ ᠰᠤᠪᠢᠯᠠᠯᠲᠠ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠎ᠡ᠃ ᠬᠥᠳᠡᠭᠡ ᠲᠣᠰᠬᠤᠨ ᠤ | ᠡᠯᠧᠺᠲᠷᠤᠨ ᠬᠤᠳᠠᠯᠳᠤᠭ᠎ᠠ᠂ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠶᠢ ᠦᠷᠭᠦᠯᠵᠢᠯᠡᠨ ᠳᠡᠮᠵᠢᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ︽ᠵᠢᠭᠤᠯᠴᠢᠯᠠᠯ ᠤᠨ ᠳᠥᠷᠪᠡᠨ | ᠭᠠᠵᠠᠷ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ | ᠴᠢᠳᠠᠮᠵᠢ ᠶᠢ ᠦᠷᠭᠦᠯᠵᠢᠯᠡᠨ ᠥᠷᠭᠡᠳᠬᠡᠵᠦ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠤᠬᠠᠭᠤᠯᠭ᠎ᠠ ᠡᠵᠡᠩᠨᠡᠯᠲᠡ ᠵᠢᠴᠢ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠯᠲᠤ ᠠᠭᠤᠯᠠᠨ ᠳᠤ ᠭᠠᠷᠬᠤ᠂ ᠲᠠᠯ᠎ᠠ ᠨᠤᠲᠤᠭ ᠢᠶᠠᠷ | ᠵᠤᠭᠠᠴᠠᠬᠤ᠂ ᠣᠳᠣᠨ ᠣᠭᠲᠠᠷᠭᠤᠢ ᠶᠢ ᠰᠣᠨᠢᠷᠬᠠᠬᠤ᠂ ᠬᠠᠯᠠᠭᠤᠨ ᠷᠠᠰᠢᠶᠠᠨ ᠢ ᠳᠠᠷᠤᠰᠢᠭᠤᠯᠬᠤ ᠵᠡᠷᠭᠡ ᠬᠠᠮᠢᠶ᠎ᠠ | ᠪᠦᠬᠦᠢ ᠰᠣᠳᠣᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠎ᠠ᠃ ᠵᠡᠷᠭᠡ ᠳᠡᠰ ᠲᠠᠢ ᠠᠷᠠᠳ ᠤᠨ ᠣᠷᠣᠨ | ᠰᠠᠭᠤᠴᠠ ᠶᠢ ᠦᠷᠭᠦᠯᠵᠢᠯᠡᠨ ᠪᠤᠶᠢᠵᠢᠭᠤᠯᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ | ᠣᠨᠴᠠᠯᠢᠬᠵᠢᠭᠰᠠᠨ᠂ ᠲᠥᠷᠥᠯ ᠲᠡᠮᠳᠡᠭᠵᠢᠭᠰᠡᠨ᠂ ᠵᠢᠷᠤᠮᠵᠢᠭᠰᠠᠨ ᠬᠥᠭᠵᠢᠯᠲᠡ ᠶᠢ ᠠᠬᠢᠭᠤᠯᠤᠨ᠎ᠠ᠃ ᠣᠨᠴᠠᠯᠢᠭᠲᠤ | ᠮᠣᠩᠭᠤᠯ ᠬᠤᠭᠤᠯᠠ᠂ ᠠᠷᠠᠳ ᠤᠨ ᠣᠷᠣᠨ ᠰᠠᠭᠤᠴᠠ ᠶᠢᠨ ᠪᠠᠭᠤᠳᠠᠯ᠂ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ᠂ ᠰᠣᠳᠣᠨ ᠤᠷᠠᠯᠢᠭ ᠤᠨ ᠲᠣᠭᠯᠠᠯᠲᠠ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠵᠦ᠂ ᠨᠠᠩ ᠣᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠨᠠᠷᠠᠲᠤ | ᠲᠡᠮᠳᠡᠭᠲᠦ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠨ ᠭᠠᠷᠭᠠᠵᠤ᠂ ︽ᠠᠭᠤᠯᠠᠨ ᠳᠤ ᠭᠠᠷᠴᠤ | ᠰᠢᠷᠠᠭᠰᠠᠨ ᠲᠥᠮᠥᠰᠥ᠂ ᠠᠭᠤᠯᠠᠨ ᠠᠴᠠ ᠪᠠᠭᠤᠵᠤ ᠬᠤᠨᠢᠨ ᠮᠢᠬ᠎ᠠ ᠢᠳᠡᠬᠦ︾ ᠵᠡᠷᠭᠡ ᠨᠠᠷᠠᠲᠤ ᠲᠡᠮᠳᠡᠭᠲᠦ ᠶᠢ ᠨᠠᠩ | ᠥᠷᠭᠡᠨ᠂ ᠨᠠᠩ ᠳᠠᠭᠤᠷᠢᠰᠤᠭᠰᠠᠨ ᠪᠠᠶᠢᠨ᠎ᠠ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠰᠢᠨ᠎ᠡ | ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠥᠷᠢᠰᠦᠯᠳᠡᠬᠦ ᠬᠦᠴᠦᠨ ᠢ ᠨᠡᠮᠡᠭᠳᠡᠭᠦᠯᠵᠦ᠃ ᠳᠡᠭᠡᠳᠦ ᠲᠡᠰ ᠤᠨ᠂ | ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠲᠥᠬᠦᠭᠡᠷᠦᠮᠵᠢ ᠶᠢᠨ ᠰᠢᠨᠡᠴᠢᠯᠡᠯᠲᠡ ᠶᠢ ᠳᠡᠮᠵᠢᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠲᠡᠰ ᠳᠡᠪᠰᠢᠬᠦ᠂ ᠬᠡᠯᠬᠢᠶ᠎ᠡ ᠰᠦᠷᠦᠭᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠴᠠᠬᠢᠯᠠᠭᠤᠷ ᠴᠢᠯᠠᠭᠤ ᠬᠢᠮᠢ ᠶᠢᠨ ᠠᠵᠤ ᠦᠢᠯᠡᠳᠪᠦᠷᠢ ᠶᠢᠨ | ᠠᠵᠢᠯ ᠲᠥᠷᠥᠯ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ | ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠬᠦ ᠲᠠᠯ᠎ᠠ ᠪᠠᠷ ᠬᠦᠴᠦ ᠣᠷᠣᠭᠤᠯᠬᠤ ᠶᠢ ᠦᠷᠭᠦᠯᠵᠢᠯᠡᠨ | ᠵᠣᠷᠢᠭᠵᠢᠭᠤᠯᠵᠤ᠂ ᠰᠢᠨ ᠳ᠋ᠧ ᠮᠠ ᠺᠣᠮᠫᠠᠨᠢ ᠶᠢᠨ ᠣᠨᠴᠠ ᠲᠥᠷᠥᠯ ᠤᠨ ᠳᠠᠪᠠᠷᠬᠠᠢ ᠶᠢᠨ ᠲᠥᠷᠥᠯ ᠵᠦᠢᠯ ᠢ ᠵᠢᠯ ᠤᠨ | ᠳᠣᠲᠣᠷ᠎ᠠ ᠦᠢᠯᠡᠳᠪᠤᠷᠢᠯᠡᠬᠦ ᠶᠢ ᠠᠬᠢᠭᠤᠯᠵᠤ᠂ ᠮᠧᠩ ᠸᠧᠢ ᠶᠢᠨ 2 ᠲᠦᠮᠡᠨ ᠲᠣᠨ ᠥᠨᠳᠥᠷ ᠵᠢᠱᠢᠶᠡᠴᠢ PVA ᠪᠠ | 1 ᠲᠦᠮᠡᠨ ᠲᠣᠨ ᠤᠰᠤᠨ ᠳᠤ ᠠᠭᠤᠰᠬᠤ ᠴᠢᠨᠠᠷᠲᠠᠶ PVA ᠪᠠ 1 ᠲᠦᠮᠡᠨ ᠲᠣᠨ ᠤᠰᠤᠨ ᠳᠤ ᠠᠭᠤᠰᠬᠤ | ᠴᠢᠨᠠᠷᠲᠠᠶ PVA ᠰᠢᠷᠬᠡᠭ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠳᠡᠮᠵᠢᠵᠦ᠂ | ᠤᠯᠤᠰ ᠤᠨ ᠥᠮᠴᠢᠯᠡᠯᠲᠦ ᠴᠣᠬᠤᠢ ᠶᠢᠨ ᠴᠢᠯᠠᠭᠤᠯᠢᠭ ᠤᠨ ᠠᠭᠤᠷᠬᠠᠶ ᠶᠢ ᠨᠡᠭᠡᠭᠡᠨ ᠠᠰᠢᠭᠯᠠᠬᠤ ᠶᠢ ᠲᠦᠷᠭᠡᠳᠬᠡᠨ | ᠠᠬᠢᠭᠤᠯᠵᠤ᠂ ︽ᠵᠠᠰᠠᠮᠠᠯ ᠵᠠᠮ ᠢ ᠲᠡᠮᠦᠷ ᠪᠣᠯᠭᠠᠨ ᠰᠢᠯᠵᠢᠭᠦᠯᠬᠦ︾ ᠲᠡᠭᠡᠭᠡᠪᠦᠷᠢ ᠶᠢᠨ ᠵᠠᠭᠪᠤᠷ ᠢ ᠢᠳᠡᠪᠬᠢᠲᠡᠶ | ᠠᠬᠢᠭᠤᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠯᠥᠪᠵᠢᠭᠦᠯᠭᠡ ᠪᠠᠷ ᠵᠢᠯᠣᠭᠤᠳᠤᠮᠵᠢ | ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠠᠷᠢᠴᠠᠭ᠎ᠠ ᠶᠢ ᠭᠦᠨᠵᠡᠭᠡᠶ | ᠠᠭᠤᠳᠠᠯᠵᠤ᠂ ᠴᠠᠬᠢᠯᠭᠠᠨ ᠴᠢᠯᠠᠭᠤᠨ ᠤ ᠰᠢᠨ᠎ᠡ ᠰᠡᠭᠦᠯᠴᠢ ᠶᠢᠨ ᠠᠵᠤ ᠦᠢᠯᠡᠰ ᠢ ᠪᠤᠶᠢᠵᠢᠭᠤᠯᠬᠤ ᠪᠠ ᠣᠷᠣᠭᠤᠯᠤᠨ | ᠠᠪᠴᠢᠷᠠᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠰᠢᠨ᠎ᠡ ᠮᠠᠲ᠋ᠧᠷᠢᠶᠠᠯ ᠤᠨ ᠠᠵᠢᠯ ᠲᠥᠷᠥᠯ᠂ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ︽ | ᠳᠥᠷᠪᠡᠨ ᠲᠠᠰ ᠳᠡᠪᠰᠢᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠥᠬᠦ ᠠᠵᠤ ᠦᠢᠯᠡᠰ ᠤᠨ | ᠬᠡᠯᠬᠢᠶ᠎ᠡ ᠶᠢᠨ ᠢᠵᠢ ᠪᠥᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠦᠷᠭᠦᠯᠵᠢᠯᠡᠨ ᠰᠦᠪᠡᠭᠴᠢᠯᠡᠨ᠎ᠡ᠃ | ᠨᠡᠭᠦᠷᠡᠰᠦᠲᠥ᠋ᠷᠥᠭᠴᠢ ᠴᠠᠬᠢᠯᠭᠠᠨ ᠲᠦᠢᠯ᠂ ᠪᠠᠯ ᠴᠢᠯᠠᠭᠤᠨ ᠴᠠᠬᠢᠯᠭᠠᠨ ᠲᠦᠯ ᠤᠨ ᠠᠵᠢᠯ ᠲᠥᠷᠥᠯ ᠤᠨ | ᠤᠶᠢᠯᠡᠳᠬᠦᠨ ᠤ ᠲᠥᠷᠥᠯ ᠵᠤᠶᠢᠯ ᠢ ᠥᠷᠭᠡᠳᠬᠡᠬᠦ᠂ ᠠᠵᠤ ᠤᠶᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠳᠡᠮᠵᠢᠨ᠎ᠡ᠃ | ᠵᠦᠩ ᠨᠧᠩ ᠪᠥᠸᠧ ᠰᠢᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ | ᠡᠷᠭᠢᠯᠲᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠱᠢ ᠺᠧ ᠹᠧᠩ ᠤᠨ ᠵᠢᠯ ᠳᠤ 15 ᠲᠦᠮᠡᠨ ᠲᠣᠨ ᠨᠡᠶᠢᠯᠡᠮᠡᠯ ᠪᠣᠷᠳᠣᠭᠤᠷ ᠦᠢᠯᠡᠳᠪᠦᠷᠢᠯᠡᠬᠦ ᠲᠦᠷᠦᠯ ᠵᠦᠢᠯ ᠪᠠ | ᠣᠳᠣᠨ ᠪᠥᠮᠪᠥᠷᠴᠡᠭ ᠤᠨ ᠥᠨᠳᠥᠷ ᠴᠢᠳᠠᠪᠬᠢᠲᠤ ᠭᠠᠯᠲᠤ ᠲᠡᠷᠭᠡᠨ ᠤ ᠬᠤᠭᠤᠯᠠᠢ ᠬᠡᠯᠪᠡᠷᠢ ᠶᠢᠨ ᠢᠯᠴᠢ | ᠰᠣᠯᠢᠯᠴᠠᠭᠤᠷ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠠᠯ ᠴᠢᠯᠠᠭᠤᠨ ᠴᠠᠬᠢᠯᠭᠠᠨ | ᠲᠦᠢᠯ ᠤᠨ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠪᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠡᠬᠢ ᠪᠠᠶᠠᠯᠢᠭ ᠢ | ᠰᠠᠶᠢᠲᠤᠷ ᠬᠡᠷᠡᠭᠯᠡᠬᠦ᠂ ᠬᠠᠷᠢᠯᠴᠠᠨ ᠠᠬᠢᠭᠤᠯᠵᠤ ᠬᠥᠭᠵᠢᠭᠦᠯᠬᠦ᠂ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ | ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ᠂ ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ ᠠᠵᠤ | ᠦᠢᠯᠡᠰ ᠢ ᠶᠡᠭᠡ ᠪᠠᠷ ᠬᠥᠭᠵᠢᠭᠦᠯᠦᠨ᠎ᠡ᠃ ᠪᠡᠭᠡᠵᠢᠩ ᠤᠨ ᠡᠨᠧᠷᠭᠢ ᠶᠢᠨ ᠢᠯᠴᠢ ᠶᠢᠨ ᠴᠠᠬᠢᠯᠭᠠᠨ ᠤ ᠠᠮᠢᠳᠤᠯᠢᠭ | ᠴᠢᠨᠠᠷᠲᠠᠶ ᠥᠭᠡᠷᠡᠴᠢᠯᠡᠯᠲᠡ ᠶᠢᠨ ᠲᠥᠷᠥᠯ ᠵᠦᠢᠯ ᠤᠨ ᠵᠢᠯ ᠤᠨ ᠳᠣᠲᠣᠷ᠎ᠠ ᠲᠣᠤᠷ ᠲᠤ ᠨᠡᠶᠢᠯᠡᠭᠦᠯᠬᠦ᠂ ᠶᠤᠸᠠᠨ ᠵᠢᠩ | ᠶᠤᠸᠠᠨ ᠴᠠᠬᠢᠯᠭᠠᠨ ᠤ ᠲᠣᠤᠷ ᠤᠨ ᠳᠠᠭᠠᠭᠠᠴᠠ ᠶᠢᠨ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠮᠧᠩ ᠨᠧᠩ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ᠂ ᠵᠥᠩ ᠨᠧᠩ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠲᠣᠤᠷ ᠤᠨ ᠲᠠᠯ᠎ᠠ ᠶᠢᠨ | ᠡᠨᠧᠷᠭᠢ ᠬᠠᠳᠠᠭᠠᠯᠠᠬᠤ ᠲᠥᠷᠥᠯ ᠵᠦᠢᠯ ᠪᠠ ᠵᠥᠩ ᠨᠧᠩ ᠪᠥᠸᠧ ᠰᠢᠨ ᡁᠢ ᠪᠤᠳᠤᠬᠤ ᠲᠥᠪ ᠤᠨ ᠲᠥᠷᠥᠯ | ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠤᠮᠳᠠᠳᠤ | ᠤᠯᠤᠰ ᠤᠨ ᠨᠡᠭᠦᠷᠡᠰᠦᠨ ᠤ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠲᠥᠷᠥᠯ ᠵᠦᠢᠯ ᠢ | ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠣᠬᠢᠷᠲᠤᠯ ᠦᠭᠡᠶ ᠴᠠᠬᠢᠯᠭᠠᠨ ᠢᠶᠠᠷ ᠪᠣᠬᠢᠷᠲᠤᠯ ᠦᠭᠡᠶ | ᠤᠰᠤᠲᠥ᠋ᠷᠥᠭᠴᠢ᠂ ᠨᠣᠭᠤᠭᠠᠨ ᠰᠢᠪᠲᠦᠷᠲᠦ᠂ ᠪᠣᠬᠢᠷᠲᠤᠯ ᠦᠭᠡᠶ ᠮᠧᠲ᠋ᠢᠯ ᠠᠯᠺᠣᠤᠯ ᠤᠨ ᠨᠢᠭᠡ ᠪᠦᠯᠦᠭ ᠲᠥᠷᠥᠯ | ᠵᠦᠢᠯ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠴᠠ | ᠴᠢᠭᠤᠯᠤᠯᠲᠤ ᠬᠠᠭᠠᠯᠭ᠎ᠠ ᠬᠦᠷᠬᠦ ᠤᠮᠠᠷᠠᠰᠢ ᠤᠰᠤ ᠳᠠᠮᠵᠢᠭᠤᠯᠬᠤ ᠬᠤᠭᠤᠯᠠᠶ ᠶᠢᠨ ᠪᠠᠷᠢᠯᠭ᠎ᠠ ᠶᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠲᠡᠮᠤᠷᠲᠠᠢ ᠶᠢᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠬᠡᠰᠡᠭ ᠲᠣᠭᠤᠷᠢᠭ ᠤᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ | ᠨᠠᠷᠢᠯᠢᠭ ᠬᠢᠮᠢ ᠶᠢᠨ ᠠᠵᠤ ᠦᠢᠯᠡᠳᠪᠦᠷᠢ᠂ ᠬᠦᠷᠮᠡᠨ ᠴᠢᠯᠠᠭᠤᠯᠢᠭ ᠤᠨ ᠰᠢᠷᠬᠡᠭ᠂ ᠲᠡᠮᠦᠷ ᠤᠨ ᠬᠠᠶᠢᠯᠤᠰᠢ ᠵᠡᠷᠭᠡ | ᠰᠢᠨ᠎ᠡ ᠨᠡᠮᠡᠭᠳᠡᠯ ᠤᠨ ᠴᠡᠭ ᠢ ᠲᠦᠷᠭᠡᠨ ᠪᠤᠶᠢᠵᠢᠭᠤᠯᠵᠤ᠂ ᠠᠵᠤ ᠠᠬᠤᠢ ᠶᠢᠨ ᠬᠡᠪᠴᠢᠶ᠎ᠡ ᠶᠢ ᠲᠠᠰᠤᠷᠠᠯᠲᠠ ᠦᠭᠡᠢ | ᠬᠥᠭᠵᠢᠭᠦᠯᠦᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠦᠨ᠎ᠡ᠃ | ᠬᠦᠷᠢᠶᠡᠯᠡᠩ ᠲᠣᠭᠤᠷᠢᠭ ᠤᠨ ᠲᠠᠪᠴᠠᠩ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ | ᠳᠠᠭᠠᠭᠠᠴᠠ ᠳᠤ ᠲᠦᠰᠢᠭᠯᠡᠨ᠂ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠣᠤᠷ ᠤᠨ ᠲᠥᠷᠥᠯ | ᠵᠦᠶ᠋ᠯ ᠢ ᠠᠵᠢᠯ ᠡᠬᠢᠯᠡᠭᠦᠯᠦᠨ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠥᠬᠡᠶ | ᠡᠨᠧᠷᠭᠢ ᠪᠠᠷ ᠣᠷᠣᠯᠠᠭᠤᠯᠬᠤ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ︽ᠠᠷᠪᠠ ᠶᠢ ᠪᠦᠷᠢᠳᠦᠭᠦᠯᠦᠨ | ᠬᠤᠶᠠᠷ ᠢ ᠴᠠᠭᠠᠵᠠᠯᠠᠬᠤ︾ ᠶᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠦᠷᠭᠦᠯᠵᠢᠯᠡᠨ ᠥᠷᠨᠢᠭᠦᠯᠵᠦ᠂ ᠡᠯ᠎ᠡ | ᠲᠥᠷᠥᠯ ᠤᠨ ᠠᠵᠤ ᠦᠢᠯᠡᠰ ᠤᠨ ᠲᠥᠯᠥᠪᠵᠢᠭᠦᠯᠭᠡ᠂ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ | ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠠᠮᠤᠷ | ᠲᠦᠪᠰᠢᠨ ᠤ ᠲᠦᠭᠰᠢᠭᠦᠷᠢ ᠶᠢ ᠣᠶᠤᠨᠴᠢᠯᠠᠨ ᠬᠠᠮᠢᠶᠠᠷᠤᠨ ᠡᠵᠡᠮᠳᠡᠬᠦ ᠲᠠᠪᠴᠠᠩ᠂ ᠭᠠᠯ ᠤᠨᠲᠠᠷᠠᠭᠠᠬᠤ ᠥᠷᠲᠡᠭᠡ᠂ | ᠠᠶᠤᠯᠲᠠᠶ ᠬᠢᠮᠢ ᠶᠢᠨ ᠲᠡᠷᠭᠡᠨ ᠵᠣᠭᠰᠣᠭᠠᠯ᠂ ᠤᠰᠤ ᠬᠠᠩᠭᠠᠬᠤ ᠵᠠᠮ ᠤᠨ ᠬᠤᠭᠤᠯᠠᠶ ᠶᠢᠨ ᠲᠣᠤᠷ᠂ ᠪᠠᠶᠢᠭᠠᠯᠢ ᠶᠢᠨ | ᠰᠢᠲᠠᠮᠠᠬᠠᠶ ᠬᠡᠶ ᠶᠢᠨ ᠬᠤᠭᠤᠯᠠᠶ ᠲᠣᠤᠷ ᠵᠡᠷᠭᠡ ᠢᠨᠵᠧᠨᠧᠷᠢᠩ ᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ | ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠠᠮᠤᠷ ᠲᠦᠪᠰᠢᠨ ᠤ | ᠲᠦᠭᠰᠢᠭᠦᠷᠢ ᠶᠢᠨ ᠲᠠᠰ ᠢ ᠳᠡᠭᠡᠭᠰᠢᠯᠡᠭᠦᠯᠦᠨ᠂ ᠠᠵᠤ ᠦᠢᠯᠡᠰ ᠤᠨ ᠰᠢᠰᠲ᠋ᠧᠮ ᠪᠦᠷᠢᠨ᠂ ᠰᠠᠭᠤᠷᠢ ᠲᠥᠬᠦᠭᠡᠷᠦᠮᠵᠢ | ᠲᠡᠭᠦᠯᠳᠡᠷ᠂ ᠡᠬᠢ ᠪᠠᠶᠠᠯᠢᠭ ᠤᠨ ᠠᠰᠢᠭᠯᠠᠯᠲᠠ ᠥᠨᠳᠥᠷ ᠪᠦᠲᠦᠮᠵᠢᠲᠡᠶ᠂ ᠬᠠᠮᠢᠶᠠᠷᠤᠯᠲᠠ ᠰᠢᠨᠵᠢᠯᠡᠬᠦ ᠤᠬᠠᠭᠠᠨᠴᠢ | ᠵᠢᠷᠤᠮᠵᠢᠭᠰᠠᠨ ᠣᠳᠣᠬᠢᠴᠢᠯᠠᠭᠰᠠᠨ ᠠᠵᠤ ᠦᠢᠯᠡᠰ ᠲᠥᠪᠯᠡᠷᠡᠭᠰᠡᠨ ᠣᠷᠣᠨ ᠢ ᠴᠢᠷᠮᠠᠶᠢᠨ ᠪᠠᠶᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠭᠦᠷ ᠪᠣᠯᠭᠠᠵᠤ᠂ ᠦᠢᠯᠡᠴᠢᠯᠡᠭᠡ ᠶᠢ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠪᠦᠲᠦᠴᠡ ᠶᠢᠨ ᠲᠣᠬᠢᠷᠠᠭᠤᠯᠤᠯᠲᠠ ᠪᠠ ᠴᠢᠳᠠᠮᠵᠢ ᠶᠢᠨ ᠰᠢᠯᠢᠳᠡᠭᠵᠢᠭᠦᠯᠦᠯᠲᠡ ᠶᠢ ᠲᠠᠰᠤᠷᠠᠯᠲᠠ ᠦᠭᠡᠢ ᠠᠬᠢᠭᠤᠯᠵᠤ᠂ | ᠲᠤᠰ ᠪᠡᠶ᠎ᠡ ᠶᠢᠨ ︽ᠴᠢᠰᠤ ᠪᠦᠲᠦᠭᠡᠬᠦ︾ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠰᠤᠷᠭᠠᠨ | ᠬᠥᠮᠦᠵᠢᠯ ᠡᠮ ᠡᠮᠨᠡᠯᠭᠡ᠂ ᠨᠡᠶᠢᠭᠡᠮ ᠤᠨ ᠵᠠᠰᠠᠯᠲᠠ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠬᠡᠰᠡᠭ ᠭᠠᠵᠠᠷ︾ | ᠵᠡᠷᠭᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠭᠡ ᠪᠦᠯᠦᠭ ᠬᠡᠰᠡᠭ ᠭᠠᠵᠠᠷ ᠪᠠᠭ᠎ᠠ᠂ ᠦᠷ᠎ᠡ ᠪᠦᠲᠦᠮᠵᠢ | ᠲᠦᠷᠭᠡᠨ ᠪᠣᠯᠬᠤ ︽ᠪᠢᠴᠢᠯ ᠥᠭᠡᠷᠡᠴᠢᠯᠡᠯᠲᠡ︾᠂ ︽ᠪᠢᠴᠢᠯ ᠰᠢᠨ᠎ᠡ ᠶᠢ ᠡᠭᠦᠳᠬᠦ︾ ᠶᠢ ᠰᠦᠪᠡᠭᠴᠢᠯᠡᠨ | ᠬᠡᠷᠡᠭᠵᠢᠭᠦᠯᠵᠦ᠂ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ ᠨᠠᠩ ᠣᠯᠠᠨ ᠡᠳ᠋ᠯᠡᠭᠦᠯᠦᠨ᠎ᠡ᠃ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠦᠨ᠎ᠡ᠃ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ︾ ᠢᠶᠠᠷ ᠬᠥᠲᠥᠯᠦᠮᠵᠢ ᠪᠣᠯᠭᠠᠵᠤ᠂ ︽ᠨᠢᠭᠡ ᠲᠠᠮᠠᠭ᠎ᠠ ᠪᠠᠷ ᠬᠢᠨᠠᠨ | ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠶᠢᠨ ᠬᠤᠷᠳᠤᠴᠠ ᠪᠠᠨ ᠲᠦᠷᠭᠡᠳᠬᠡᠵᠦ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ | ᠵᠢᠷᠤᠮᠵᠢᠭᠤᠯᠵᠤ᠂ ᠤᠴᠢᠷ ᠦᠭᠡᠢ ᠪᠣᠯ ᠬᠠᠷᠰᠢᠯᠠᠬᠤ ᠦᠭᠡᠢ᠂ ᠳᠠᠭᠤᠳᠠᠪᠠᠯ ᠬᠡᠵᠢᠶ᠎ᠡ ᠴᠦ ᠢᠷᠡᠨ᠎ᠡ᠃ ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠶᠢᠨ ︽ᠦᠢᠯᠡᠴᠢᠯᠡᠭᠡᠨ ᠤ ᠳᠠᠭᠠᠭᠠᠴᠢᠯᠠᠯᠲᠠ︾ ᠶᠢᠨ ᠠᠵᠢᠯ ᠤᠨ | ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠳᠤ ᠨᠠᠩ ᠣᠯᠠᠨ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠥᠷᠢ | ᠥᠭᠴᠡᠭᠡ ᠶᠢ ᠡᠷᠡᠰ ᠢᠯᠭᠠᠷᠠᠭᠤᠯᠤᠨ ᠲᠥᠯᠥᠵᠦ᠂ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠶᠢ | ᠭᠦᠨᠵᠡᠭᠡᠶᠢᠷᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠯ ᠤᠨ ᠳᠣᠲᠣᠷ᠎ᠠ 10 ᠳ᠋ᠦᠩᠰᠢᠭᠤᠷ | ᠲᠥᠭᠦᠷᠢᠭ ᠠᠴᠠ ᠳᠡᠭᠡᠭᠰᠢ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠬᠠᠩᠭᠠᠬᠤ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠣᠳᠣᠬᠠᠨ ᠳᠤ ᠬᠡᠰᠡᠭ ᠠᠵᠤ ᠠᠬᠤᠶᠢᠯᠠᠯ ᠳᠤ ᠡᠵᠡᠩᠨᠡᠯᠲᠡ ᠶᠢᠨ ᠬᠦᠴᠢᠷᠳᠡᠯ ᠪᠠ | ᠳᠠᠷᠤᠯᠲᠠ ᠳᠤ ᠲᠤᠯᠭᠠᠷᠠᠵᠤ ᠪᠠᠶᠢᠨ᠎ᠠ᠂ ᠪᠢᠳᠡ ᠴᠥᠮ ᠥᠷᠭᠡᠨ ᠣᠯᠠᠨ ᠠᠵᠤ ᠠᠬᠤᠶᠢᠯᠠᠯᠲᠠᠨ ᠲᠠᠢ ᠰᠡᠳᠬᠢᠯ | ᠵᠢᠷᠦᠬᠡ ᠪᠠᠨ ᠬᠤᠯᠪᠣᠵᠤ᠂ ᠬᠠᠷᠢᠯᠴᠠᠨ ᠳᠡᠮᠵᠢᠵᠦ᠂ ᠪᠥᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢᠨ | ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠵᠤ ᠥᠭᠭᠦᠨ᠎ᠡ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ | ᠲᠣᠭᠲᠠᠭᠠᠨ ᠬᠠᠪᠰᠤᠷᠤᠨ ᠲᠡᠳᠬᠦᠬᠦ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠠᠵᠤ ᠦᠢᠯᠡᠰ ᠤᠨ | ᠬᠠᠮᠲᠤᠷᠠᠯᠴᠠᠭ᠎ᠠ᠂ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ | ᠳᠠᠯᠳᠠ ᠬᠦᠴᠦᠨ ᠢ ᠠᠭᠤᠳᠠᠯᠵᠤ᠂ ᠬᠠᠮᠲᠤᠷᠠᠯᠴᠠᠭᠠᠨ ᠤ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠲᠦᠷᠪᠡᠨ ᠵᠦᠢᠯ ᠤᠨ | ᠠᠵᠢᠯᠯᠠᠭ᠎ᠠ︾ ᠶᠢ ᠠᠬᠢᠭᠤᠯᠤᠨ ᠨᠡᠩ ᠤᠯᠠᠨ ᠪᠣᠳᠠᠲᠤ ᠦᠷ᠎ᠡ ᠪᠦᠲᠦᠭᠡᠯ ᠣᠯᠵᠤ᠂ ᠨᠡᠶᠢᠰᠯᠡᠯ ᠳᠤ ᠦᠢᠯᠡᠴᠢᠯᠡᠬᠦ ᠳᠤ | ᠲᠤᠰ ᠪᠡᠶ᠎ᠡ ᠶᠢᠨ ᠬᠥᠭᠵᠢᠯᠲᠡ ᠪᠠᠨ ᠲᠦᠷᠭᠡᠳᠬᠡᠨ᠎ᠡ᠃ ᠪᠠᠢ ᠶᠦᠩ ᠲᠦᠷᠭᠡᠨ ᠳᠠᠪᠬᠢᠬᠤ ᠵᠠᠰᠠᠮᠠᠯ ᠵᠠᠮ ᠤᠨ | ᠲᠠᠲᠠᠪᠤᠷᠢᠯᠠᠨ ᠨᠤᠷᠠᠭᠠᠬᠤ ᠡᠭᠦᠷᠭᠡ ᠶᠢ ᠲᠦᠷᠭᠡᠪᠴᠢᠯᠡᠨ ᠪᠡᠶᠡᠯᠡᠭᠦᠯᠵᠦ᠂ ᠵᠢᠯ ᠤᠨ ᠳᠣᠲᠣᠷ᠎ᠠ ᠲᠡᠷᠭᠡ ᠨᠡᠪᠲᠡᠷᠡᠬᠦ ᠶᠢ | ᠪᠠᠲᠤᠯᠠᠨ᠎ᠠ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠨᠢᠭᠡ ᠪᠦᠯᠦᠭ ᠬᠠᠮᠲᠤᠷᠠᠯᠴᠠᠭᠠᠨ ᠤ ᠲᠥᠷᠥᠯ ᠵᠦᠢᠯ ᠢ ᠵᠣᠯᠭᠠᠭᠤᠯᠵᠤ᠂ ᠲᠥᠯᠥᠪᠯᠡᠨ | ᠬᠡᠷᠡᠭᠵᠢᠭᠦᠯᠵᠦ᠂ ︽ᠠᠵᠤ ᠠᠬᠤᠢ ᠶᠢᠨ ᠨᠡᠪᠲᠡᠷᠡᠯ ᠵᠠᠮ︾ ᠢ ᠦᠨᠡᠨ ᠬᠦ ︽ᠨᠡᠪᠲᠡᠷᠡᠯ ᠵᠠᠮ ᠤᠨ ᠠᠵᠤ ᠠᠬᠤᠢ︾ | ᠪᠣᠯᠭᠠᠨ ᠬᠤᠪᠢᠷᠠᠭᠤᠯᠤᠨ᠎ᠠ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠯᠭᠡᠭᠦᠷ ᠪᠣᠯᠭᠠᠵᠤ᠂ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ ᠡᠭᠦᠳᠦᠨ᠎ᠡ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠯᠭᠠᠭᠤᠷᠢᠯᠠᠯ ᠢ ᠪᠠᠲᠤᠳᠬᠠᠨ᠎ᠠ᠃ ᠠᠮᠤ ᠪᠤᠳᠠᠭᠠᠨ ᠤ | ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 3 ᠲᠦᠮᠡᠨ ᠮᠦ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠠᠮᠤ ᠪᠤᠳᠠᠭ᠎ᠠ | ᠳᠠᠷᠢᠬᠤ ᠲᠠᠯᠠᠪᠠᠶ ᠶᠢ 60 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠶᠡᠷᠦᠩᠬᠡᠶ ᠤᠨᠠᠯᠲᠠ ᠶᠢ 2.5 | ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ︽ᠰᠠᠶᠢᠨ ᠡᠭᠦᠯᠳᠡᠷ ᠰᠠᠶᠢᠨ ᠠᠷᠭ᠎ᠠ︾ | ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠲᠥᠮᠥᠰᠥ ᠶᠢᠨ ᠦᠷ᠎ᠡ ᠶᠢᠨ ᠦᠷᠡᠵᠢᠯᠲᠡ ᠶᠢ ᠥᠷᠭᠡᠳᠬᠡᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠰᠢᠨ ᠦᠬᠡᠷ ᠤᠨ ᠴᠢᠨᠠᠷ ᠰᠠᠶᠢᠲᠠᠶ ᠢᠴᠡᠭᠡᠯ ᠦᠷ᠎ᠡ᠂ | ᠰᠠᠶᠢᠨ ᠡᠭᠦᠯᠳᠡᠷ ᠤᠨ ᠰᠠᠭᠤᠷᠢ ᠡᠬᠡ ᠮᠠᠯ ᠪᠠ ᠬᠤᠴᠠᠨ ᠳᠤ ᠱᠠᠩᠨᠠᠵᠤ ᠨᠥᠬᠦᠪᠥᠷᠢᠯᠡᠬᠦ ᠵᠡᠷᠭᠡ ᠮᠠᠯ ᠤᠨ ᠡᠭᠦᠯᠳᠡᠷ ᠢ | ᠰᠠᠶᠢᠵᠢᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ | ᠡᠭᠦᠯᠳᠡᠷ ᠰᠠᠶᠢᠵᠢᠷᠠᠭᠤᠯᠬᠤ᠂ ᠠᠰᠢᠭ ᠣᠯᠵᠠᠪᠤᠷᠢ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠲᠦᠷᠦᠭᠦᠤ ᠪᠦᠯᠦᠭ ᠤᠨ ᠦᠬᠡᠷ ᠲᠤ ᠣᠷᠣᠭᠤᠯᠬᠤ ᠶᠢ | ᠪᠡᠶᠡᠯᠡᠭᠦᠯᠬᠦ ᠶᠢ ᠠᠬᠢᠭᠤᠯᠵᠤ᠂ ᠴᠧᠩ ᠴᠠᠩ ᠱᠧᠩ ᠲᠥᠮᠥᠰᠥ ᠶᠢᠨ ᠦᠢᠯᠡᠰ ᠤᠨ 4 ᠲᠦᠮᠡᠨ ᠲᠣᠨ ᠴᠠᠷᠳᠠᠭᠤᠯ ᠢ | ᠭᠦᠨᠵᠡᠭᠡᠶ ᠡᠳ᠋ᠰᠢᠭᠦᠯᠬᠦ ᠲᠥᠷᠥᠯ ᠵᠦᠢᠯ ᠪᠠ ᠲᠢᠶᠠᠨ ᠮᠥ ᠮᠠᠯ ᠨᠢᠲᠤᠯᠵᠤ ᠡᠳ᠋ᠰᠢᠭᠦᠯᠬᠦ ᠲᠥᠷᠥᠯ ᠵᠦᠢᠯ ᠢ ᠲᠦᠷᠭᠡᠳᠬᠡᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠣᠯᠠᠨ | ᠬᠡᠯᠪᠡᠷᠢ᠂ ᠣᠯᠠᠨ ᠬᠦᠷᠢᠶ᠎ᠡ ᠴᠠᠷᠠᠭ᠎ᠠ᠂ ᠣᠯᠠᠨ ᠬᠠᠷᠠᠭᠠᠰᠤ ᠠᠴᠠ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠠᠵᠢᠯ ᠢ | ᠥᠷᠨᠢᠭᠦᠯᠵᠦ᠂ ᠨᠠᠩ ᠣᠯᠠᠨ ᠠᠵᠤ ᠠᠬᠤᠶᠢᠯᠠᠯ ᠪᠠ ᠤᠶᠢᠯᠡᠳᠬᠦᠨ ᠢ ︽ᠣᠭ ᠠᠮᠲᠠ ᠶᠢᠨ ᠤᠯᠠᠭᠠᠨᠴᠠᠪ︾ ᠤᠨ ᠡᠷᠬᠡ | ᠣᠯᠭᠤᠬᠤ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ ᠲᠠᠷᠢᠶᠠᠯᠠᠩ ᠬᠤᠳᠠᠯᠳᠤᠭᠠᠨ ᠤ ᠰᠢᠭᠤᠳ ᠬᠠᠩᠭᠠᠬᠤ᠂ | ᠲᠠᠷᠢᠶᠠᠯᠠᠩ ᠤᠨ ᠪᠦᠲᠦᠭᠡᠭᠳᠡᠬᠦᠨ ᠢ ᠵᠠᠬᠢᠶᠠᠯᠠᠨ ᠦᠢᠯᠡᠳᠬᠦ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠲᠡᠭᠦᠵᠦ | ᠦᠵᠡᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠦᠨ ᠬᠥᠭᠵᠢᠭᠦᠯᠵᠦ᠂ ᠲᠠᠷᠢᠶᠠᠯᠠᠩ | ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠨ᠎ᠡ᠃ | ᠾᠧ ᠮᠧᠢ ᠬᠥᠳᠡᠭᠡ ᠲᠣᠰᠭᠤᠨ ᠤ ᠪᠦᠲᠦᠭᠡᠨ ᠪᠠᠢᠭᠤᠯᠤᠯᠲᠠ ᠶᠢ ᠲᠦᠷᠭᠡᠳᠭᠡᠨ᠎ᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠭᠲᠠᠭᠠᠪᠠᠰᠤ | ᠵᠣᠬᠢᠬᠤ ᠶᠢ ᠨᠢ ᠪᠦᠬᠦᠨ ᠢ ᠪᠠᠭᠲᠠᠭᠠᠵᠤ᠂ ᠲᠡᠳᠬᠦᠪᠡᠰᠦ ᠵᠣᠬᠢᠬᠤ ᠶᠢ ᠨᠢ ᠪᠦᠬᠦᠨ ᠢ ᠲᠡᠳᠬᠦᠵᠦ᠂ ᠬᠥᠳᠡᠯᠦᠩᠭᠦᠢ ᠪᠠᠷ | ᠪᠦᠬᠦᠨ ᠢ ᠰᠢᠢᠳᠪᠦᠷᠢᠯᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ | ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠡᠪ | ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠤᠤᠭᠤᠬᠤ ᠤᠰᠤ ᠶᠢ ᠥᠭᠡᠷᠡᠴᠢᠯᠡᠨ | ᠰᠠᠶᠢᠵᠢᠷᠠᠭᠤᠯᠬᠤ 6 ᠢᠨᠵᠧᠨᠧᠷᠢᠩ ᠢ ᠬᠡᠷᠡᠭᠵᠢᠭᠦᠯᠵᠦ᠂ 55 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠵᠠᠰᠠᠵᠤ᠂ 418 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 10.1 ᠺᠢᠯᠤᠮᠧᠲᠷ ᠤᠨ | ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ ᠰᠡᠯᠪᠢᠨ ᠵᠠᠰᠠᠪᠠ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠳᠡᠭᠡ | ᠲᠣᠰᠬᠤᠨ ᠤ ᠪᠣᠬᠢᠷ ᠤᠰᠤ ᠶᠢ ᠴᠤᠭᠯᠠᠭᠤᠯᠬᠤ ᠪᠠ ᠬᠤᠭ ᠨᠣᠪᠰᠢ ᠶᠢ ᠵᠠᠰᠠᠬᠤ ᠶᠢ ᠴᠢᠩᠭᠠᠳᠬᠠᠵᠤ᠂ ᠥᠷᠭᠡᠨ ᠣᠯᠠᠨ | ᠬᠥᠳᠡᠭᠡ ᠲᠣᠰᠬᠤᠨ ᠤ ︽ᠳᠣᠲᠣᠷ︾ ᠢ ᠨᠠᠩ ᠪᠣᠳᠠᠲᠠᠶ᠂ ︽ᠨᠢᠭᠤᠷ ᠲᠠᠯ᠎ᠠ︾ ᠶᠢ ᠨᠠᠩ ᠭᠤᠶᠣ ᠪᠣᠯᠭᠠᠨ᠎ᠠ᠃ | ᠬᠤᠲᠠ ᠪᠠᠯᠭᠠᠰᠤ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢ | ᠰᠢᠨᠡᠳᠬᠡᠬᠦ ᠠᠯᠬᠤᠴᠠ ᠶᠢ ᠲᠦᠷᠭᠡᠳᠬᠡᠨ᠂ ᠪᠠᠯᠠ ᠮᠥᠩᠭᠦ ᠶᠢ ᠴᠢᠷᠮᠠᠶᠢᠨ ᠣᠯᠵᠤ ᠪᠠᠶᠢᠭᠠᠳ ᠪᠠᠶᠠᠨᠬᠤᠲᠠ | ᠲᠣᠭᠤᠷᠢᠭ ᠤᠨ ︽ᠳᠥᠷᠪᠡᠨ ᠲᠥᠷᠥᠯ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ︾ ᠢᠨᠵᠧᠨᠧᠷᠢᠩ᠂ | ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ ᠵᠢᠴᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠦᠨ᠎ᠡ᠃ ᠲᠦᠭᠡᠭᠡᠯ ᠤᠰᠤᠨ ᠤ ᠰᠠᠯᠪᠤᠷᠢ ᠲᠣᠣᠷ ᠢ 13 ᠺᠢᠯᠤᠮᠧᠲᠷ ᠵᠠᠰᠠᠵᠤ᠂ | ᠬᠤᠳᠠ ᠶᠢᠨ ᠶᠠᠪᠤᠳᠠᠯ ᠤᠨ ᠵᠠᠮ ᠢ 3 ᠲᠦᠮᠡᠨ ᠲᠡᠭᠰᠢ ᠳᠥᠷᠪᠡᠯᠵᠢᠨ ᠮᠧᠳ᠋ᠷ ᠵᠠᠰᠠᠨ ᠲᠡᠭᠦᠯᠳᠡᠷᠵᠢᠭᠦᠯᠵᠦ᠂ 2 ᠪᠦᠷᠢᠨ | ᠪᠦᠲᠦᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠬᠤᠳᠠ | ᠪᠠᠯᠭᠠᠰᠤᠨ ᠤ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 60 ᠲᠠᠰᠤᠯᠭ᠎ᠠ ᠥᠭᠡᠷᠡᠴᠢᠯᠡᠪᠡ᠃ ᠬᠡᠰᠡᠭ ᠵᠡᠭᠡᠯᠢ | ᠲᠣᠭᠤᠷᠢᠭ᠂ ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠳᠤᠯᠠᠭᠠᠴᠠᠬᠤ ᠢᠨᠵᠧᠨᠧᠷᠢᠩ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ | ᠬᠤᠲᠠ ᠶᠢᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠳᠦᠷᠢ ᠲᠥᠷᠬᠦ᠂ ᠲᠣᠭᠲᠠᠭᠠᠯ ᠠᠴᠠ | ᠵᠥᠷᠢᠴᠡᠨ ᠪᠦᠲᠦᠭᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ᠂ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠲᠤᠰᠬᠠᠶ | ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠲᠥᠷᠥᠯ ᠵᠦᠢᠯ ᠢ ᠢᠳᠡᠪᠬᠢᠯᠡᠨ ᠣᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠴᠠᠬᠢᠯᠭᠠᠨ ᠴᠡᠨᠡᠭᠯᠡᠬᠦ ᠱᠣᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠶᠢᠪᠤᠩ ᠲᠡᠷᠭᠡ | ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠨ᠂ 7 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 500 | ᠭᠠᠷᠤᠢ ᠲᠡᠷᠭᠡᠨ ᠵᠣᠭᠰᠣᠭᠠᠯ ᠢ ᠰᠦᠢᠳᠬᠡᠯ ᠬᠤᠷᠢᠶᠠᠬᠤ ᠦᠭᠡᠢ ᠪᠠᠷ ᠵᠣᠭᠰᠣᠭᠠᠵᠤ᠂ ᠲᠡᠷᠭᠡ ᠵᠣᠭᠰᠣᠭᠠᠬᠤ ᠳᠤ | ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ | ︵ᠲᠠᠪᠤ︶ ᠪᠣᠬᠢᠷᠲᠤᠯ ᠦᠭᠡᠢ ᠬᠥᠭᠵᠢᠯᠲᠡ ᠪᠠᠷ ᠰᠠᠭᠤᠷᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠪᠡ᠃ | ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠶ ᠰᠢᠭᠤᠶ ᠨᠤᠲᠤᠭ | ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 3.44 ᠲᠦᠮᠡᠨ ᠮᠥ ᠪᠡᠶᠡᠯᠡᠭᠦᠯᠪᠡ᠃ | ᠣᠶ ᠰᠢᠭᠤᠶ ᠪᠠ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠨᠤᠲᠤᠭ ᠪᠡᠯᠴᠢᠭᠡᠷ ᠢ | ᠠᠮᠤᠷᠵᠢᠭᠤᠯᠤᠨ ᠰᠡᠷᠭᠦᠭᠡᠬᠦ ᠶᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠠᠭᠤᠷᠬᠠᠶ ᠶᠢ 2235 ᠮᠥ ᠴᠡᠭᠴᠡᠯᠡᠨ | ᠵᠠᠰᠠᠬᠤ ᠶᠢ ᠪᠡᠶᠡᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠶᠡᠭᠡ ᠲᠠᠩᠬᠢᠮ ᠪᠠᠭᠤᠳᠠᠯ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ | ᠬᠤᠰᠢᠭᠤᠨ ᠤ ᠬᠡᠪᠴᠢᠶᠡᠨ ᠳᠣᠲᠣᠷᠠᠬᠢ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠬᠥᠬᠡᠮᠳᠦᠭ ᠨᠣᠭᠤᠭᠠᠨ ᠠᠭᠤᠯᠠ ᠤᠰᠤ᠂ ᠦᠵᠡᠰᠬᠦᠯᠡᠩᠲᠦ ᠰᠠᠶᠢᠬᠠᠨ ᠭᠡᠷ | ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶᠢᠷᠡᠭᠦᠯᠦᠨ᠎ᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ | ᠭᠦᠨᠵᠡᠭᠡᠶ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠵᠠᠳᠠᠭᠠᠶ | ᠠᠭᠤᠷᠬᠠᠶ ᠶᠢᠨ ᠲᠣᠭᠤᠰᠣ ᠳᠡᠭᠳᠡᠬᠦ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠢ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠦ ᠶᠢ ᠠᠬᠢᠭᠤᠯᠤᠨ᠎ᠠ᠃ ᠬᠦᠨᠳᠦ | ᠲᠡᠮᠦᠷᠯᠢᠭ ᠲᠤ ᠬᠤᠯᠪᠣᠭᠳᠠᠭᠰᠠᠨ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠪᠠ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠬᠡ ᠠᠭᠤᠯᠠ ᠬᠥᠬᠡᠮᠳᠥᠭ | ᠤᠰᠤ᠂ ᠠᠭᠤᠷ ᠠᠮᠢᠰᠬᠤᠯ ᠢ ᠡᠭᠦᠷᠢᠳᠡ ᠰᠢᠨᠡᠯᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠤᠨ᠎ᠠ᠃ ᠪᠦᠬᠦ ᠨᠡᠶᠢᠭᠡᠮ ᠤᠨ ᠡᠯ᠎ᠡ ᠬᠦᠷᠢᠶᠡᠨ ᠤ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠨ᠎ᠡ᠃ | ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠰᠤ | ᠠᠷᠪᠢᠯᠠᠬᠤ ᠲᠠᠷᠢᠶᠠᠯᠠᠩ᠂ ᠬᠠᠭᠤᠷᠠᠶ ᠲᠠᠷᠢᠶᠠᠯᠠᠩ ᠤᠨ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠶ᠃ | ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠬᠡᠮᠵᠢᠯᠲᠡ ᠶᠢ ᠲᠦᠭᠡᠮᠡᠯᠵᠢᠭᠦᠯᠬᠦ ᠪᠠ ᠬᠤᠲᠠ ᠶᠢᠨ | ᠲᠣᠭᠤᠷᠢᠭ ᠤᠨ ᠲᠦᠭᠡᠭᠡᠯ ᠤᠰᠤᠨ ᠤ ᠱᠠᠲᠤᠯᠢᠭ ᠤᠰᠤᠨ ᠤ ᠦᠨ᠎ᠡ ᠶᠢ ᠳᠡᠯᠭᠡᠷᠡᠭᠦᠯᠵᠦ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠠᠷᠪᠢᠯᠠᠬᠤ ᠳᠠᠳᠬᠠᠯ ᠲᠠᠢ ᠪᠣᠯᠭᠠᠬᠤ ᠬᠡᠷᠡᠭᠲᠡᠶ᠃ ᠪᠦᠬᠦ ᠲᠠᠯ᠎ᠠ ᠪᠠᠷ | ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ | ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠠᠵᠤ ᠠᠬᠤᠢ ᠶᠢᠨ | ᠬᠥᠭᠵᠢᠯᠲᠡ ᠶᠢᠨ ︽ᠠᠯᠲᠠᠨ ᠤ ᠠᠭᠤᠯᠤᠭᠳᠠᠴᠠ︾ ᠪᠠ ︽ᠨᠣᠭᠤᠭᠠᠨ ᠠᠭᠤᠯᠤᠭᠳᠠᠴᠠ︾ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ | ︵ᠵᠢᠷᠭᠤᠭ᠎ᠠ︶ ᠠᠵᠢᠯ ᠣᠯᠭᠤᠯᠲᠠ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠨ᠎ᠡ᠃ ᠡᠵᠡᠨ ᠮᠡᠳᠡᠵᠦ ᠠᠵᠢᠯ ᠣᠯᠬᠤ ᠶᠢ | ᠬᠥᠲᠥᠯᠥᠨ ᠵᠢᠯᠣᠭᠤᠳᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ᠂ | ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠳᠡᠯᠭᠡᠷᠡᠭᠦᠯᠬᠦ ᠪᠠᠷ ᠳᠠᠮᠵᠢᠭᠤᠯᠤᠨ᠂ | ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠪᠠᠭᠤᠭᠰᠠᠳ᠂ ᠲᠠᠷᠢᠶᠠᠴᠢᠨ ᠬᠦᠴᠦ ᠶᠠᠪᠤᠭᠰᠠᠳ | ᠵᠡᠷᠭᠡ ᠭᠤᠤᠯᠳᠠᠯᠭ᠎ᠠ ᠲᠠᠢ ᠨᠡᠶᠢᠲᠡ ᠴᠣᠭᠴᠠ ᠳᠤ ᠲᠣᠭᠲᠠᠭᠤᠨ ᠢᠶᠠᠷ ᠠᠵᠢᠯ ᠣᠯᠭᠤᠬᠤ ᠶᠢ ᠣᠯᠠᠨ ᠠᠷᠭ᠎ᠠ ᠵᠠᠮ ᠢᠶᠠᠷ | ᠲᠦᠯᠬᠢᠨ ᠠᠬᠢᠭᠤᠯᠤᠨ᠎ᠠ᠃ ᠬᠦᠴᠢᠷᠳᠡᠯᠲᠡᠶ ᠬᠥᠮᠦᠰ ᠲᠤ ᠠᠵᠢᠯ ᠣᠯᠭᠤᠬᠤ ᠬᠠᠪᠰᠤᠷᠤᠨ ᠲᠡᠳᠬᠦᠬᠦ ᠠᠵᠢᠯ ᠢ | ᠰᠠᠶᠢᠲᠤᠷ ᠬᠢᠵᠦ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ | ᠪᠠᠲᠤᠯᠠᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠂ | ᠭᠡᠷ ᠠᠬᠤᠢ ᠶᠢᠨ ᠦᠢᠯᠡᠴᠢᠯᠡᠭᠡ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠠᠷᠠᠳ ᠤᠨ ᠣᠷᠣᠨ | ᠰᠠᠭᠤᠴᠠ ᠶᠢ ᠬᠦᠯᠢᠶᠡᠨ ᠠᠪᠬᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠵᠡᠷᠭᠡ ᠬᠥᠳᠡᠯᠮᠦᠷᠢ ᠦᠢᠯᠡᠴᠢᠯᠡᠭᠡᠨ ᠤ | ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠬᠤᠲᠠ ᠪᠠᠯᠭᠠᠰᠤᠨ ᠤ 340 ᠭᠠᠷᠤᠢ ᠬᠥᠮᠦᠨ ᠳᠤ ᠰᠢᠨ᠎ᠡ ᠪᠠᠷ | ᠠᠵᠢᠯ ᠣᠯᠭᠤᠬᠤ ᠶᠢ ᠦᠨᠡᠨᠬᠦ ᠪᠠᠲᠤᠯᠠᠨ᠎ᠠ᠃ | ᠨᠡᠶᠢᠭᠡᠮ ᠤᠨ ᠪᠠᠲᠤᠯᠠᠪᠤᠷᠢ ᠶᠢᠨ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ | ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠮᠢᠳᠤᠯᠢᠭ ᠢᠶᠠᠷ | ᠠᠵᠢᠯ ᠣᠯᠭᠤᠬᠤ ᠬᠥᠮᠦᠰ᠂ ᠬᠥᠯᠥᠰᠥᠨ ᠠᠵᠢᠯᠴᠢᠨ ᠵᠡᠷᠭᠡ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠶᠢ | ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠦᠨᠳᠦᠰᠦᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠶ ᠲᠥᠯᠥᠪᠯᠡᠬᠦ ᠠᠵᠢᠯ ᠢ ᠦᠷᠭᠦᠯᠵᠢᠯᠡᠨ ᠠᠬᠢᠭᠤᠯᠵᠤ᠂ | ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨ ᠬᠦ ᠪᠠᠲᠤᠯᠠᠨ᠎ᠠ᠃ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠪᠡᠯᠪᠡᠰᠦᠨ | ᠨᠠᠰᠤᠲᠠᠨ᠂ ᠵᠡᠮᠳᠡᠭᠴᠦᠳ ᠵᠡᠷᠭᠡ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠬᠠᠪᠰᠤᠷᠤᠨ | ᠲᠡᠳᠬᠦᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠨᠠᠰᠤᠲᠠᠶᠢᠴᠤᠳ ᠪᠠ ᠨᠢᠯᠬᠠᠰ︾ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠭᠤᠴᠢᠨ ᠠᠵᠤ ᠦᠢᠯᠡᠰ᠂ ᠶᠢᠨ ᠹᠠ ᠠᠵᠤ ᠠᠬᠤᠶ ᠶᠢ ᠶᠡᠬᠡᠪᠡᠷ ᠬᠥᠭᠵᠢᠭᠦᠯᠵᠦ᠂ | 3 ᠵᠣᠯ ᠵᠢᠷᠭᠠᠯ ᠤᠨ ᠬᠦᠷᠢᠶᠡᠯᠡᠩ ᠢ ᠳᠡᠭᠡᠭᠰᠢᠯᠡᠭᠦᠯᠦᠨ ᠥᠭᠡᠷᠡᠴᠢᠯᠡᠵᠦ᠂ 1 ᠣᠷᠣᠨ ᠪᠦᠰᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ 55 ᠨᠢᠯᠬ᠎ᠠ ᠨᠢᠷᠠᠢ ᠬᠡᠦᠬᠡᠳ ᠤᠨ ᠣᠷᠣᠨ | ᠪᠠᠶᠢᠷᠢ ᠶᠢ ᠰᠢᠨ᠎ᠡ ᠪᠠᠷ ᠨᠡᠮᠡᠭᠳᠡᠭᠦᠯᠪᠡ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠵᠤ᠂ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠤᠲᠠ ᠶᠢᠨ | ᠱᠠᠲᠤᠨ ᠤ 1 ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠤᠨ᠎ᠠ᠃ ︽ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ︾ ᠪᠠ ︽ᠠᠯᠪᠠᠨ ᠵᠢᠷᠤᠮ ᠤᠨ ᠰᠤᠷᠭᠠᠨ | ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ︾ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ | ᠬᠤᠰᠢᠭᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠣᠨᠴᠠᠯᠢᠭ ᠲᠠᠢ ᠣᠯᠠᠨ ᠶᠠᠩᠵᠤ ᠶᠢᠨ ᠬᠥᠭᠵᠢᠯᠲᠡ ᠶᠢ ᠳᠡᠮᠵᠢᠵᠦ᠂ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠪᠡᠷ ᠤᠨ ᠥᠷᠲᠡᠭ ᠤᠨ ᠨᠣᠷᠮ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠬᠦ ᠶᠢ ᠪᠡᠶᠡᠯᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ | ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠥᠨᠳᠥᠷ ᠬᠢᠷᠢ ᠲᠦᠪᠰᠢᠨ ᠪᠥᠬᠦᠶ ᠪᠠᠭᠰᠢ ᠶᠢᠨ ᠡᠩᠨᠡᠭᠡ ᠶᠢ ᠬᠥᠮᠦᠵᠢᠭᠦᠯᠦᠨ᠎ᠡ᠃ | ᠡᠷᠡᠭᠦᠯ ᠡᠩᠬᠡ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ | ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠪᠠ ᠨᠡᠷᠡᠲᠦ ᠡᠮᠴᠢ ᠶᠢ ᠳᠠᠭᠠᠭᠤᠯᠤᠨ ᠬᠥᠮᠦᠵᠢᠭᠦᠯᠬᠦ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠡᠭᠡᠵᠢᠩ᠂ ᠥᠪᠡᠷᠲᠡᠭᠡᠨ ᠵᠠᠰᠠᠬᠤ ᠣᠷᠣᠨ ᠤ ᠨᠡᠷᠡᠳᠦ ᠡᠮᠨᠡᠯᠭᠡ ᠶᠢᠨ | ᠬᠤᠷᠢᠶ᠎ᠠ ᠯᠤᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠨᠢᠭᠡ ᠪᠦᠯᠦᠭ ᠭᠤᠤᠯᠳᠠᠯᠭ᠎ᠠ ᠲᠠᠢ ᠲᠤᠰᠬᠠᠶ | ᠰᠠᠯᠠᠭ᠎ᠠ ᠶᠢ ᠪᠠᠶᠢᠭᠤᠯᠵᠤ᠂ ᠨᠢᠭᠡ ᠪᠦᠯᠦᠭ ᠲᠤᠰᠬᠠᠶ ᠴᠢᠳᠠᠪᠤᠷᠢᠲᠠᠨ ᠢ ᠳᠠᠭᠠᠭᠤᠯᠤᠨ ᠭᠠᠷᠭᠠᠪᠠ᠃ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠲᠠᠳ | ᠮᠣᠩᠭᠤᠯ ᠡᠮ ᠡᠮᠨᠡᠯᠭᠡ ᠶᠢᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠪᠡᠯᠡ ᠮᠥᠩᠭᠦ᠂ ︽ᠭᠤᠷᠪᠠᠨ | ᠴᠢᠬᠤᠯᠠ ᠪᠠᠲᠤᠯᠠᠭ᠎ᠠ︾ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠡᠪᠡᠳᠴᠢᠨ | ᠦᠵᠡᠭᠦᠯᠬᠦ ᠮᠥᠩᠭᠦ᠂ ᠠᠮᠢ ᠠᠪᠤᠷᠠᠬᠤ ᠵᠣᠭᠤᠰ ᠢ ᠰᠠᠶᠢᠲᠤᠷ ᠰᠠᠬᠢᠨ ᠬᠠᠮᠠᠭᠠᠯᠠᠨ᠎ᠠ᠃ | ᠰᠤᠶᠤᠯ ᠲᠠᠮᠢᠷ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠪᠡ᠃ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠯ᠎ᠡ ᠲᠠᠯ᠎ᠠ ᠶᠢᠨ ᠤᠬᠠᠭᠤᠯᠭ᠎ᠠ ᠶᠢᠨ | ᠬᠦᠴᠦᠨ ᠢ ᠨᠢᠭᠡᠳᠦᠯᠲᠡᠶ ᠲᠥᠯᠥᠪᠯᠡᠨ᠂ ᠮᠠᠨ ᠤ ᠬᠤᠰᠢᠭᠤᠨ ᠤ ᠲᠡᠦᠬᠡ ᠰᠣᠶᠣᠯ ᠪᠠ ᠬᠤᠪᠢᠰᠬᠠᠯ ᠤᠨ ᠡᠬᠢ | ᠪᠠᠶᠠᠯᠢᠭ ᠢ ᠥᠷᠭᠡᠨ ᠢᠶᠠᠷ ᠤᠬᠠᠭᠤᠯᠵᠤ᠂ ᠤᠯᠠᠭᠠᠨᠮᠥ᠋ᠴᠢᠷ ᠤᠨ ᠤᠷᠠᠨ ᠰᠠᠶᠢᠬᠠᠨ ᠤ ᠰᠣᠳᠣᠨ ᠵᠦᠴᠦᠭᠡ ᠵᠣᠬᠢᠶᠠᠨ | ᠪᠦᠲᠦᠭᠡᠬᠦ ᠶᠢ ᠳᠡᠮᠵᠢᠵᠦ᠂ ᠠᠷᠠᠳ ᠲᠤ ᠠᠰᠢᠭ ᠬᠦᠷᠲᠡᠭᠡᠬᠦ ᠲᠣᠭᠤᠷᠢᠨ ᠲᠣᠭᠯᠠᠯᠲᠠ ᠭᠠᠷᠭᠠᠵᠤ᠂ ᠤᠮᠠᠷᠠᠲᠤ | ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠠᠯᠳᠠᠷᠰᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠲᠣᠭᠲᠠᠭᠰᠠᠨ ᠬᠤᠭᠤᠴᠠᠭᠠᠨ ᠳᠤ ᠰᠠᠶᠢᠲᠤᠷ ᠪᠡᠶᠡᠯᠡᠭᠦᠯᠵᠦ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠨᠣᠮ ᠤᠨ ᠰᠠᠩ᠂ ᠮᠦᠽᠧᠶ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ | ᠪᠠᠶᠢᠭᠤᠯᠬᠤ ᠪᠠᠷ ᠴᠢᠷᠮᠠᠶᠢᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠨᠠᠩ ᠥᠨᠳᠥᠷ ᠬᠢᠷᠢ ᠲᠦᠪᠰᠢᠨ | ᠪᠥᠬᠦᠶ ᠬᠥᠭᠵᠢᠯᠲᠡ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠪᠢᠳᠡ ᠡᠮᠦᠨᠡᠬᠢ ᠬᠤᠭᠤᠴᠠᠭᠠᠨ ᠳᠤ ᠥᠷᠭᠡᠨ ᠢᠶᠠᠷ ᠴᠤᠭᠯᠠᠭᠤᠯᠵᠤ᠂ ᠭᠦᠨᠵᠡᠭᠡᠶ | ᠨᠤᠲᠠᠯᠠᠯᠲᠠ ᠬᠢᠵᠦ᠂ ᠰᠢᠯᠢᠳᠡᠭ ᠢ ᠨᠢ ᠰᠣᠩᠭᠤᠨ ᠠᠷᠠᠳ ᠤᠨ ᠠᠮᠢᠳᠤᠷᠠᠯ ᠤᠨ 12 ᠪᠣᠳᠠᠲᠤ ᠶᠠᠪᠤᠳᠠᠯ ᠢ ᠰᠣᠩᠭᠤᠵᠤ᠂ | ᠲᠣᠰ ᠤᠳᠠᠭᠠᠨ ᠤ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ ᠪᠢᠳᠡ ᠯᠠᠪᠳᠠᠢ ᠨᠠᠷᠢᠨ ᠨᠢᠮᠪᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠪᠣᠳᠠᠲᠠᠶ ᠠᠳᠬᠤᠨ ᠰᠠᠶᠢᠲᠤᠷ ᠬᠢᠵᠦ᠂ | ᠵᠠᠰᠠᠭ ᠤᠨ ᠣᠷᠳᠣᠨ ᠤ ᠠᠮᠠᠯᠠᠯᠲᠠ ᠪᠠᠨ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠮᠦᠨᠡᠬᠢ | ᠤᠯᠠᠮ ᠨᠢᠭᠡ ᠠᠯᠬᠤᠮ ᠰᠠᠶᠢᠵᠢᠷᠠᠬᠤ ᠶᠢ ᠦᠨᠡᠨ ᠬᠦ ᠪᠠᠲᠤᠯᠠᠨ᠎ᠠ ᠭᠡᠵᠦ ᠬᠡᠯᠡᠪᠡ᠃ | ︵ᠳᠤᠯᠤᠭ᠎ᠠ︶ ᠠᠮᠤᠷ ᠲᠣᠭᠲᠠᠭᠤᠨ ᠪᠠᠶᠢᠯᠭᠠᠬᠤ ᠪᠠᠷ ᠪᠠᠲᠤᠯᠠᠭ᠎ᠠ ᠪᠣᠯᠭᠠᠵᠤ᠂ ᠡᠯ᠎ᠡ ᠲᠥᠷᠥᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠠᠯᠬᠤᠮ ᠢ ᠠᠯᠬᠤᠪᠠ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠠᠵᠤ ᠠᠬᠤᠶ᠂ ᠮᠥᠩᠭᠦᠨ ᠭᠦᠢᠯᠭᠡᠭᠡᠨ᠂ | ᠠᠮᠤ ᠪᠤᠳᠠᠭ᠎ᠠ ᠵᠡᠷᠭᠡ ᠡᠯ᠎ᠡ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ | ᠢᠳᠡᠪᠬᠢᠲᠡᠶ ᠲᠡᠮᠡᠴᠡᠨ ᠣᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠠᠷᠢᠯᠭᠠᠵᠤ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠡᠷᠡᠰ ᠬᠤᠷᠢᠭᠯᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ | ᠪᠤᠰᠤ ᠡᠳ᠋ ᠬᠦᠷᠦᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠬᠥᠳᠡᠭᠡ ᠲᠣᠰᠬᠤᠨ ᠤ ᠢᠲᠡᠭᠡᠮᠵᠢ ᠶᠢᠨ ᠬᠤᠷᠢᠶ᠎ᠠ ᠶᠢᠨ ᠥᠭᠡᠷᠡᠴᠢᠯᠡᠯᠲᠡ ᠲᠠᠢ ᠳᠠᠭᠠᠳᠬᠠᠯ ᠢ ᠯᠠᠪᠳᠠᠭᠤᠨ ᠢᠶᠠᠷ | ᠠᠬᠢᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ | ᠪᠠᠲᠤ ᠰᠠᠬᠢᠨ᠎ᠠ᠃ | ᠣᠯᠠᠨ ᠨᠡᠶᠢᠲᠡ ᠶᠢᠨ ᠠᠮᠤᠷ ᠲᠥᠪᠰᠢᠨ ᠢ ᠦᠨᠡᠨᠬᠦ ᠬᠠᠮᠠᠭᠠᠯᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠲᠡᠭ ᠪᠣᠯᠭᠠᠬᠤ ᠰᠡᠳᠬᠢᠴᠡ︾ ᠪᠠᠷ ᠠᠶᠤᠯᠭᠦᠢ ᠦᠢᠯᠡᠳᠪᠦᠷᠢᠯᠡᠯ ᠢ | ᠴᠢᠩᠭ᠎ᠠ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠳᠠᠬᠢ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠤ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠤᠯ ᠱᠤᠭᠤᠮ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ᠂ ᠡᠯ᠎ᠡ ᠲᠠᠯ᠎ᠠ ᠳᠤ ᠪᠦᠲᠦᠮᠵᠢᠲᠡᠶ ᠠᠭᠤᠰᠤᠯᠴᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠃ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠶᠣᠰᠣᠭᠠᠷ | ᠵᠢᠷᠤᠮᠵᠢᠭᠤᠯᠤᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠬᠥᠳᠡᠯᠦᠩᠭᠦᠶ ᠪᠠᠷ | ᠠᠷᠢᠯᠭᠠᠬᠤ ᠶᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ︽ᠠᠶᠤᠯ ᠲᠦᠭᠰᠢᠭᠦᠷᠢ ᠶᠢᠨ ᠵᠥᠷᠢᠴᠡᠯ ᠢ ᠠᠷᠢᠯᠭᠠᠵᠤ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠳᠡᠢ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠴᠠᠭ ᠦᠶ᠎ᠡ ᠰᠢᠨ᠎ᠡ ᠠᠶᠠᠨ ᠤ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ | ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯᠯᠠᠭᠠᠨ ᠨᠢ ᠥᠨᠳᠥᠷ ᠪᠦᠲᠦᠮᠵᠢᠲᠡᠢ᠂ ᠤᠯᠠᠨ ᠲᠦᠮᠡᠨ | ᠰᠡᠳᠬᠢᠯ ᠬᠠᠨᠤᠮᠵᠢᠲᠠᠢ ᠠᠷᠠᠳ ᠤᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ | ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ | ᠦᠷᠭᠦᠯᠵᠢᠯᠡᠨ ᠪᠠᠬᠢᠵᠢᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠢ ᠴᠢᠩᠳᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠠᠷᠯᠢᠭ | ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠲᠥᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢᠵᠢᠯ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠠᠤᠯᠢ ᠳᠤ ᠲᠣᠭᠲᠠᠭᠠᠭᠰᠠᠨ ᠲᠡᠰ | ᠳᠠᠷᠠᠭᠠᠯᠠᠯ ᠢ ᠴᠢᠩᠭ᠎ᠠ ᠭᠦᠢᠴᠡᠳᠬᠡᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ | ᠬᠢᠨᠠᠯᠲᠠ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ | ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠬᠢᠭᠤᠯᠵᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠪᠣᠳᠠᠲᠠᠢ ᠠᠵᠢᠯᠯᠠᠬᠤ ᠥᠨᠳᠥᠷ ᠪᠦᠲᠦᠮᠵᠢᠲᠡᠢ ᠠᠵᠢᠯ ᠤᠨ ᠤᠳᠤᠷᠢᠳᠤᠮᠵᠢ ᠶᠢ ᠲᠤᠪᠤᠶᠢᠯᠭᠠᠨ᠎ᠠ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠬᠤ ᠶᠢ | ᠪᠠᠷᠢᠮᠲᠠᠯᠠᠵᠤ᠂ ᠰᠡᠳᠬᠢᠬᠦᠢ ᠲᠠᠢ ᠪᠠᠶᠢᠬᠤ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ | ᠵᠦᠢᠯ ᠤᠨ ᠠᠵᠢᠯ ᠢ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠬᠤ ᠶᠢ ᠭᠦᠨᠵᠡᠭᠡᠢ ᠠᠬᠢᠭᠤᠯᠵᠤ᠂ ︽ᠤᠴᠢᠷ ᠶᠠᠪᠤᠳᠠᠯ ᠢ ᠪᠦᠲᠦᠭᠡᠬᠦ︾ ᠲᠣᠭᠲᠠᠴᠠ ᠶᠢ | ᠰᠢᠯᠢᠳᠡᠭᠵᠢᠭᠦᠯᠵᠦ᠂ ︽ᠤᠴᠢᠷ ᠶᠠᠪᠤᠳᠠᠯ ᠢ ᠰᠠᠶᠢᠲᠤᠷ ᠬᠢᠬᠦ︾ ᠣᠷᠴᠢᠨ ᠲᠣᠭᠤᠷᠢᠨ ᠢ ᠪᠤᠢ ᠪᠣᠯᠭᠠᠵᠤ᠂ | ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠠᠵᠢᠯᠯᠠᠬᠤ ᠪᠠᠷ ᠦᠨᠡᠨᠴᠢ | ᠰᠢᠳᠤᠷᠭᠤ ᠪᠠᠶᠢᠬᠤ ᠶᠢ ᠲᠠᠶᠢᠯᠪᠤᠷᠢᠯᠠᠵᠤ᠂ ᠪᠣᠳᠠᠲᠤ ᠠᠮᠵᠢᠯᠲᠠ ᠪᠠᠷ ᠡᠭᠦᠷᠭᠡᠯᠡᠯ ᠢᠶᠠᠨ ᠢᠯᠡᠷᠡᠭᠦᠯᠵᠦ᠂ ᠪᠣᠳᠠᠲᠤ ᠦᠷ᠎ᠡ | ᠪᠦᠲᠦᠮᠵᠢ ᠪᠠᠷ ᠢᠶᠠᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠬᠢᠴᠢᠶᠡᠩᠭᠦ᠋ᠢᠯᠡᠨ ᠰᠠᠬᠢᠵᠤ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠳᠤ ᠪᠤᠶᠠᠨ | ᠦᠢᠯᠡᠳᠬᠦ ᠶᠢ ᠬᠠᠮᠤᠭ ᠤᠨ ᠶᠡᠭᠡ ᠵᠠᠰᠠᠭ ᠤᠨ ᠠᠵᠢᠯ ᠤᠨ ᠠᠮᠵᠢᠯᠲᠠ ᠪᠣᠯᠭᠠᠵᠤ᠂ ᠨᠡᠩ ᠤᠯᠠᠨ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠭᠠᠷᠭᠠᠪᠠ᠃ | ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠤ ︽ᠠᠷᠪᠢᠯᠠᠨ ᠭᠠᠮᠨᠠᠬᠤ︾ ᠶᠢ ᠪᠠᠷᠢᠮᠲᠠᠯᠠᠨ᠂ ᠬᠢᠵᠠᠭᠠᠷ ᠲᠠᠢ ᠡᠳ᠋ ᠤᠨ ᠬᠦᠴᠦᠨ ᠢᠶᠠᠷ ᠬᠠᠮᠤᠭ ᠤᠨ ᠶᠡᠭᠡ | ᠨᠡᠶᠢᠭᠡᠮ ᠤᠨ ᠦᠷ᠎ᠡ ᠠᠰᠢᠭ᠂ ᠠᠷᠠᠳ ᠤᠨ ᠠᠮᠢᠳᠤᠷᠠᠯ ᠤᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ ᠤᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ᠃ | ᠠᠷᠢᠭᠤᠨ ᠴᠢᠬᠡᠴᠢ ᠪᠠᠷ ᠠᠯᠪᠠᠨ ᠤ ᠲᠥᠯᠥᠭᠡ ᠪᠡᠶ᠎ᠡ ᠪᠠᠨ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ | ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ | ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ᠂ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠪᠠᠶᠢᠳᠠᠯ | ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ | ᠪᠠᠶᠢᠳᠠᠯ᠂ ᠴᠤᠭ ᠪᠠᠳᠠᠷᠠᠩᠭᠤᠶ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠬᠡᠨ ᠤ | ᠬᠠᠷᠢᠭᠤᠴᠠᠯᠭ᠎ᠠ ᠡᠭᠦᠷᠭᠡᠯᠡᠯ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠡᠷᠡᠰ | ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | ᠨᠡᠷ᠎ᠡ ᠦᠭᠡ ᠶᠢᠨ ᠲᠠᠶᠢᠯᠪᠤᠷᠢ | 1. ︽ᠬᠤᠶᠠᠷ ᠢ ᠲᠣᠭᠲᠠᠭᠠᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ | ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ | ᠰᠠᠭᠤᠷᠢ ᠶᠢ ᠲᠣᠭᠲᠠᠭᠠᠨ᠎ᠠ᠃ | 2. ︽ᠬᠤᠶᠠᠷ ᠢ ᠬᠠᠮᠠᠭᠠᠯᠠᠬᠤ︾ ᠶᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | 3. ᠨᠢᠭᠡ ᠭᠤᠣᠯ ᠱᠤᠭᠤᠮ᠄ 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠱᠤᠭᠤᠮ ᠮᠥᠨ ᠭᠡᠵᠦ ᠳᠤᠷᠠᠳᠪᠠ᠃ | 4. ᠬᠤᠶᠠᠷ ᠶᠡᠭᠡ ᠶᠠᠪᠤᠳᠠᠯ᠄ ᠨᠢᠭᠡᠳᠦᠭᠡᠷ ᠶᠠᠪᠤᠳᠠᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ︵ᠥᠪᠥᠷ ᠮᠣᠩᠭᠤᠯ ᠢᠶᠠᠨ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠶᠠᠪᠤᠳᠠᠯ ᠪᠣᠯᠤᠨ᠎ᠠ᠃ ᠬᠤᠶᠠᠳᠤᠭᠠᠷ ᠶᠠᠪᠤᠳᠠᠯ ᠨᠢ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃ | 5. ᠵᠢᠷᠭᠤᠭᠠᠨ ᠢᠨᠵᠧᠨᠧᠷᠢᠩ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠭᠡᠷᠡᠯ ᠸᠣᠯᠲ ᠢ ᠨᠢᠭᠡ ᠴᠣᠭᠴᠠᠵᠢᠭᠤᠯᠬᠤ | ᠢᠨᠵᠧᠨᠧᠷᠢᠩ᠂ ᠳᠤᠯᠠᠭᠠᠴᠠᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ | ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ᠃ | 6. ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ᠄ ᠥᠪᠥᠷ ᠮᠣᠩᠭᠤᠯ ᠤᠨ ᠭᠠᠵᠠᠷ ᠣᠷᠣᠨ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ | ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠣᠯ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ | ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠭᠰᠡᠨ ᠶᠤᠮ᠂ ᠥᠪᠥᠷ ᠮᠣᠩᠭᠤᠯ ᠪᠣᠯ | ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠢᠯᠡᠷᠡᠭᠰᠡᠨ ᠴᠢᠬᠤᠯᠠ ᠶᠡᠭᠡ ᠠᠯᠳᠠᠭ᠎ᠠ ᠪᠣᠯᠤᠨ᠎ᠠ᠃ | 7.ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ᠄ ᠵᠠᠷᠢᠮ ᠭᠠᠵᠠᠷ ᠣᠷᠣᠨ ᠤ ᠡᠯ᠎ᠡ ᠭᠤᠣᠯ ᠪᠣᠯᠬᠤ | ᠪᠡᠯᠴᠢᠭᠡᠷ ᠤᠨ ᠲᠥᠷᠥᠯ ᠤᠨ ᠤᠷᠭᠤᠮᠠᠯ ᠤᠨ ᠬᠤᠴᠢᠯᠭ᠎ᠠ ᠬᠢᠭᠡᠳ ᠲᠡᠭᠦᠨ ᠤ ᠡᠵᠡᠯᠡᠬᠦ ᠲᠠᠯᠠᠪᠠᠶ ᠶᠢᠨ ᠬᠠᠷᠢᠴᠠᠯ ᠤᠨ | ᠨᠡᠮᠡᠭᠦᠷᠢ ᠶᠢᠨ ᠳᠤᠮᠳᠠᠴᠢ ᠬᠡᠮᠵᠢᠭᠳᠡᠯ ᠢ ᠵᠢᠭᠠᠵᠤ᠂ ᠭᠤᠣᠯ ᠪᠣᠯᠬᠤ ᠨᠤᠲᠤᠭ ᠪᠡᠯᠴᠢᠭᠡᠷ ᠤᠨ ᠤᠷᠭᠤᠮᠠᠯ ᠤᠨ | ᠤᠷᠭᠤᠴᠠ ᠶᠢᠨ ᠨᠢᠭᠲᠠᠴᠠ ᠶᠢ ᠲᠤᠰᠬᠠᠨ᠎ᠠ᠃ | 8. ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠤᠨ᠎ᠠ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠶᠢ ᠵᠣᠬᠢᠶᠠᠨ | ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠠᠴᠠ ᠬᠠᠤᠯᠢ ᠶᠣᠰᠣᠭᠠᠷ ᠬᠢᠨᠠᠨ ᠵᠥᠪᠰᠢᠶᠡᠷᠡᠬᠦ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠴᠤᠪᠤᠷᠠᠯ ᠢ ᠳᠠᠬᠢᠨ ᠲᠣᠭᠲᠠᠭᠠᠬᠤ ᠶᠢ ᠪᠡᠶᠡᠯᠡᠭᠦᠯᠵᠦ᠂ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ᠂ ᠨᠡᠶᠢᠯᠡᠭᠦᠯᠦᠨ ᠬᠢᠨᠠᠨ ᠪᠠᠶᠢᠴᠠᠭᠠᠬᠤ᠂ ᠡᠷᠴᠢᠮᠵᠢᠭᠦᠯᠦᠨ ᠬᠢᠨᠠᠨ | ᠵᠥᠪᠰᠢᠶᠡᠷᠡᠬᠦ᠂ ᠨᠢᠭᠡ ᠥᠷᠲᠡᠭᠡ ᠪᠠᠷ ᠬᠦᠢᠴᠡᠳᠬᠡᠵᠤ ᠳᠠᠭᠤᠰᠬᠠᠬᠤ︾ ᠬᠢᠨᠠᠨ ᠵᠥᠪᠰᠢᠶᠡᠷᠡᠬᠦ ᠵᠠᠭᠪᠤᠷ ᠢ | ᠭᠤᠤᠯᠳᠠᠯᠭ᠎ᠠ ᠲᠠᠢ ᠬᠡᠷᠡᠭᠵᠢᠭᠦᠯᠦᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ | ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ | ᠦᠵᠡᠭᠦᠯᠦᠨ᠎ᠡ᠃ | 9. ᠡᠭᠦᠯᠡᠨ ᠰᠠᠭᠤᠳᠠᠯ᠄ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠰᠠᠭᠤᠷᠢᠨ ᠳᠡᠭᠡᠷ᠎ᠡ᠂ | ᠵᠠᠰᠠᠭ ᠤᠨ ᠶᠠᠪᠤᠳᠠᠯ ᠤᠨ ᠥᠪᠡᠰᠦᠪᠡᠨ ᠦᠢᠯᠡᠴᠢᠯᠡᠬᠦ ᠦᠵᠦᠭᠦᠷ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ | ᠬᠤᠯᠪᠣᠬᠤ᠂ ᠳᠡᠯᠭᠡᠴᠡ ᠶᠢᠨ ᠬᠠᠮᠲᠤ ᠪᠠᠷ ᠡᠳ᠋ᠯᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ | ᠲᠤᠬᠠᠶ ᠶᠢᠨ ᠲᠠᠯᠠᠪᠤᠷ ᠤᠨ ᠴᠣᠩᠬᠤᠨ ᠤ ᠦᠢᠯᠡᠴᠢᠯᠡᠭᠡ ᠶᠢ ᠰᠦᠯᠵᠢᠶᠡᠨ ᠳᠡᠭᠡᠷ᠎ᠡ ᠤᠷᠲᠤᠳᠬᠠᠵᠤ᠂ ᠠᠯᠤᠰ ᠠᠴᠠ | ᠵᠢᠯᠣᠭᠤᠳᠬᠤ ᠪᠠ ᠭᠦᠢᠴᠡᠳᠬᠡᠬᠦ ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ | 10. ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠬᠤ᠂ ᠪᠡᠯᠡ | ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠬᠤ︾ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠥᠳᠡᠭᠡ ᠲᠣᠰᠬᠤᠨ ᠤ ᠡᠬᠢ ᠪᠠᠶᠠᠯᠢᠭ᠂ ᠡᠳ᠋ ᠬᠥᠷᠥᠩᠭᠡ ᠪᠣᠯᠤᠨ ᠪᠡᠯᠡ | ᠮᠥᠩᠭᠦ ᠶᠢ ᠠᠮᠢᠳᠤᠯᠢᠭᠵᠢᠭᠤᠯᠬᠤ᠂ ᠲᠠᠷᠢᠶᠠᠴᠢᠳ ᠤᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠣᠷᠣᠨ | ᠰᠠᠭᠤᠴᠠ ᠡᠳ᠋ ᠬᠥᠷᠥᠩᠭᠡ ᠥᠮᠴᠢᠯᠡᠬᠦ ᠡᠷᠬᠡ ᠪᠣᠯᠤᠨ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ | ᠬᠥᠭᠵᠢᠭᠡᠬᠦ ᠪᠠᠷ ᠳᠠᠮᠵᠢᠭᠤᠯᠤᠨ᠂ ᠡᠭᠦᠨ ᠤ ᠤᠯᠠᠮ ᠢᠶᠠᠷ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠶ | ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠥᠷᠲᠡᠭ ᠢ ᠨᠡᠮᠡᠭᠳᠡᠭᠦᠯᠬᠦ ᠶᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ | 11. ᠨᠡᠮᠡᠵᠦ ᠬᠠᠰᠤᠬᠤ ᠶᠢ ᠬᠤᠯᠪᠤᠭᠳᠠᠭᠤᠯᠬᠤ ᠭᠡᠳᠡᠭ ᠨᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠨᠡᠮᠡᠭᠳᠡᠭᠦᠯᠬᠦ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠪᠠᠭᠠᠰᠬᠠᠬᠤ ᠶᠢ ᠬᠠᠷᠢᠯᠴᠠᠨ ᠬᠤᠯᠪᠣᠭᠳᠠᠭᠤᠯᠵᠤ᠂ ᠰᠢᠨ᠎ᠡ ᠪᠠᠷ ᠪᠠᠶᠢᠭᠤᠯᠵᠤ ᠬᠠᠭᠤᠴᠢᠨ ᠢ ᠨᠤᠷᠠᠭᠠᠬᠤ ᠪᠠ ᠭᠠᠵᠠᠷ | ᠰᠢᠷᠣᠶ ᠶᠢ ᠡᠮᠬᠢᠯᠡᠨ ᠲᠡᠭᠰᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠲᠥᠷᠥᠯ ᠤᠨ ᠭᠠᠵᠠᠷ | ᠰᠢᠷᠣᠶ ᠶᠢᠨ ᠲᠠᠯᠠᠪᠠᠶ ᠶᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠨ᠎ᠠ᠃ | 12. ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠄ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ᠂ ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ ᠬᠠᠮᠲᠤᠷᠠᠯᠴᠠᠭ᠎ᠠ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ | ᠪᠣᠯᠤᠨ᠎ᠠ᠃ | 13. ᠳᠥᠷᠪᠡᠨ ᠵᠣᠶᠢᠯ ᠤᠨ ᠠᠵᠢᠯᠯᠠᠭ᠎ᠠ᠄ ᠣᠨᠴᠠᠯᠢᠭᠲᠤ ᠠᠵᠤ ᠤᠶᠢᠯᠡᠰ ᠢ ᠳᠡᠭᠡᠭᠰᠢᠯᠡᠭᠦᠯᠬᠦ᠂ ᠠᠵᠤ ᠤᠶᠢᠯᠡᠰ ᠤᠨ | ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠯᠠᠩ ᠢ ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠬᠦ᠂ | ᠬᠥᠳᠡᠯᠮᠦᠷᠢ ᠤᠶᠢᠯᠡᠴᠢᠯᠡᠬᠡᠨ ᠤ ᠬᠠᠮᠵᠢᠯᠴᠠᠭ᠎ᠠ ᠶᠢ ᠳᠡᠭᠡᠭᠰᠢᠯᠡᠭᠦᠯᠪᠡ᠃ | 14. ᠨᠢᠭᠡ ᠮᠥᠩᠭᠦ ᠭᠤᠷᠪᠠᠨ ᠳᠦᠷᠢᠮ᠄ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠪᠠᠲᠤᠯᠠᠭ᠎ᠠ ᠶᠢᠨ | ᠮᠥᠩᠭᠦ᠂ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮ᠂ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠤᠨ ᠲᠤᠰᠬᠠᠶ ᠳᠠᠩᠰᠠ ᠶᠢᠨ ᠳᠦᠷᠢᠮ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠩᠬᠢ ᠣᠷᠣᠯᠠᠨ | ᠲᠠᠷᠬᠠᠭᠠᠬᠤ ᠳᠦᠷᠢᠮ ᠢ ᠵᠢᠭᠠᠵᠤ ᠪᠤᠶ᠃ | 15. ᠭᠤᠷᠪᠠᠨ ᠳᠠᠪᠬᠤᠷ ᠪᠠᠲᠤᠯᠠᠭ᠎ᠠ᠄ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠵᠢᠭᠠᠵᠤ ᠪᠠᠶᠢᠨ᠎ᠠ᠃ | 16. ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠄ ᠵᠠᠰᠠᠭ ᠤᠨ ᠣᠷᠳᠣᠨ ᠤ ᠤᠳᠤᠷᠢᠳᠤᠮᠵᠢ | ᠳᠣᠤᠷ᠎ᠠ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ ᠪᠣᠯᠭᠠᠭᠰᠠᠨ᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠵᠠᠩᠭᠢᠯᠠᠭ᠎ᠠ ᠪᠣᠯᠭᠠᠭᠰᠠᠨ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠢᠶᠠᠷ ᠰᠠᠭᠤᠷᠢ ᠪᠣᠯᠭᠠᠵᠤ᠂ ᠵᠣᠬᠢᠬᠤ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠪᠠᠷ ᠳᠠᠮᠵᠢᠭᠤᠯᠤᠨ᠂ | ᠬᠠᠷᠢᠭᠤᠴᠠᠯᠭ᠎ᠠ᠂ ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ ᠵᠡᠷᠭᠡ ᠲᠠᠯ᠎ᠠ ᠶᠢᠨ ᠬᠠᠮᠲᠤ ᠶᠢᠨ ᠴᠣᠭᠴᠠ ᠶᠢ | ᠵᠢᠭᠠᠵᠤ ᠪᠠᠶᠢᠨ᠎ᠠ᠃ | 17. 6.3 ᠳ᠋ᠦᠩᠰᠢᠭᠤᠷ ᠲᠥᠭᠦᠷᠢᠭ ᠤᠨ ᠭᠤᠷᠪᠠᠨ ᠥᠭᠡᠷᠡᠴᠢᠯᠡᠯᠲᠡ ᠬᠢᠵᠦ ᠭᠤᠷᠪᠠ ᠶᠢ ᠵᠠᠰᠠᠬᠤ ᠭᠡᠳᠡᠭ ᠨᠢ | ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠥᠭᠡᠷᠡᠴᠢᠯᠡᠯᠲᠡ ᠪᠠ | ᠰᠡᠯᠪᠢᠨ ᠵᠠᠰᠠᠬᠤ ᠢᠨᠵᠧᠨᠧᠷᠢᠩ ᠢ ᠵᠢᠭᠠᠵᠤ ᠪᠣᠶ᠂ ᠡᠭᠦᠨ ᠳᠤ ᠤᠰᠤ ᠴᠡᠪᠡᠷᠰᠢᠭᠦᠯᠬᠦ ᠵᠣᠷᠯᠣᠩ ᠢ ᠥᠭᠡᠷᠡᠴᠢᠯᠡᠬᠦ᠂ ᠬᠡᠷ | ᠪᠠᠶᠢᠰᠢᠩ ᠤᠨ ᠴᠡᠪᠡᠷ ᠡᠨᠧᠷᠭᠢ ᠪᠠᠷ ᠢᠯᠴᠢ ᠬᠠᠩᠭᠠᠬᠤ ᠥᠭᠡᠷᠡᠴᠢᠯᠡᠯᠲᠡ᠂ ᠨᠤᠷᠠᠬᠤ ᠠᠶᠤᠯᠲᠠᠶ ᠬᠡᠷ ᠪᠠᠶᠢᠰᠢᠩ ᠤᠨ | ᠥᠭᠡᠷᠡᠴᠢᠯᠡᠯᠲᠡ ᠪᠠ ᠬᠡᠷ ᠪᠠᠶᠢᠰᠢᠩ ᠰᠡᠯᠪᠢᠨ ᠵᠠᠰᠠᠬᠤ ᠵᠡᠷᠭᠡ ᠪᠠᠭᠲᠠᠨ᠎ᠠ᠃ | 18. ᠵᠢᠷᠭᠤᠭᠠᠨ ᠵᠦᠢᠯ ᠤᠨ ᠠᠵᠢᠯᠯᠠᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠳᠤ ᠳᠤᠷᠠᠳᠤᠭᠰᠠᠨ ᠵᠢᠷᠭᠤᠭᠠᠨ ᠵᠦᠢᠯ ᠤᠨ ᠪᠣᠳᠠᠲᠠᠶ ᠠᠵᠢᠯᠯᠠᠭᠠᠨ ᠤ | ᠲᠥᠯᠥᠪᠯᠡᠭᠡ ᠶᠢ ᠵᠢᠭᠠᠵᠤ ᠪᠣᠶ᠂ ᠡᠭᠦᠨ ᠳᠤ ᠳᠣᠣᠷᠠᠬᠢ ᠵᠢᠷᠭᠤᠭᠠᠨ ᠵᠦᠢᠯ ᠤᠨ ᠴᠢᠬᠤᠯᠠ ᠶᠡᠭᠡ ᠲᠥᠷᠥᠯ ᠵᠦᠢᠯ ᠢ | ᠲᠥᠰᠦᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠬᠢᠯᠢ ᠬᠢᠵᠠᠭᠠᠷ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠭᠲᠠᠨ᠎ᠠ᠃ | 19. ᠬᠤᠶᠠᠷ ᠰᠢᠨ᠎ᠡ᠄ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠶᠢ ᠵᠢᠭᠠᠵᠤ ᠪᠠᠶᠢᠨ᠎ᠠ᠃ | 20. ᠵᠢᠭᠤᠯᠴᠢᠯᠠᠯ ᠤᠨ ᠳᠥᠷᠪᠡᠨ ᠭᠠᠵᠠᠷ᠄ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠳᠤᠮᠳᠠ | ᠳᠤᠷᠠᠳᠤᠭᠰᠠᠨ ᠳᠥᠷᠪᠡᠨ ᠭᠤᠣᠯ ᠬᠠᠷᠠᠯᠲᠠ ᠪᠣᠯᠣᠨ᠎ᠠ᠄ ᠥᠪᠡᠷ ᠢᠶᠠᠷ ᠵᠢᠯᠣᠭᠤᠳᠴᠤ ᠵᠢᠭᠤᠯᠴᠢᠯᠠᠬᠤ ᠶᠢᠨ ᠲᠡᠷᠢᠭᠦᠨ | ᠰᠣᠩᠭᠤᠯᠲᠠ ᠶᠢᠨ ᠭᠠᠵᠠᠷ᠂ ᠲᠡᠨᠦᠭᠦᠯᠴᠢ ᠬᠤᠨᠣᠵᠤ ᠬᠡᠪᠲᠡᠬᠦ ᠭᠠᠵᠠᠷ ᠤᠨ ᠰᠠᠶᠢᠨ ᠰᠣᠩᠭᠤᠯᠲᠠ ᠶᠢᠨ ᠭᠠᠵᠠᠷ᠃ | 21. ᠳᠥᠷᠪᠡᠨ ᠳᠡᠰ ᠳᠡᠪᠰᠢᠬᠦ ᠠᠵᠢᠯᠯᠠᠭ᠎ᠠ᠄ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠠᠵᠢᠯ | ᠲᠥᠷᠥᠯ ᠤᠨ ᠪᠥᠬᠦ ᠠᠵᠢᠯ ᠤᠨ ᠲᠠᠰ ᠳᠠᠷᠠᠭᠠᠯᠠᠯ ᠨᠢ ᠳᠠᠬᠢᠨ ᠲᠠᠰ ᠳᠡᠪᠰᠢᠬᠦ᠂ ᠪᠥᠬᠦ ᠠᠵᠤ ᠦᠢᠯᠡᠰ ᠤᠨ | ᠬᠡᠯᠬᠢᠶ᠎ᠡ ᠶᠢᠨ ᠲᠠᠰ ᠳᠡᠪᠰᠢᠬᠦ᠂ ᠲᠣᠭᠠᠴᠢᠯᠠᠯᠲᠠ ᠳᠤ ᠡᠨᠧᠷᠭᠢ ᠣᠯᠭᠤᠬᠤ ᠪᠠ ᠪᠣᠬᠢᠷᠲᠤᠯ ᠥᠬᠡᠶ ᠡᠨᠧᠷᠭᠢ ᠪᠠᠷ | ᠣᠷᠣᠯᠠᠭᠤᠯᠬᠤ ᠶᠢ ᠣᠷᠣᠯᠠᠭᠤᠯᠬᠤ ᠶᠢ ᠵᠢᠭᠠᠵᠤ ᠪᠣᠶ᠃ | 22. ᠠᠷᠪᠠ ᠶᠢ ᠬᠤᠶᠠᠷ ᠴᠠᠭᠠᠵᠠᠯᠠᠬᠰᠠᠨ ᠨᠢ᠄ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠲᠥᠯᠥᠪᠵᠢᠭᠦᠯᠭᠡ ᠶᠢᠨ ᠲᠤᠭᠳᠠᠯᠴᠠᠭ᠎ᠠ ᠲᠠᠢ᠂ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠲᠠᠨ᠂ ᠬᠠᠮᠢᠶᠠᠷᠤᠯᠲᠠ ᠶᠢᠨ | ᠲᠦᠷᠢᠮ ᠲᠠᠢ᠂ ︽ᠳᠥᠷᠪᠡᠨ ᠲᠠᠯ᠎ᠠ︾ ᠶᠢᠨ ᠬᠦᠷᠢᠶ᠎ᠡ ᠬᠡᠪᠴᠢᠶ᠎ᠡ ᠲᠠᠢ᠂ ᠡᠷᠬᠢᠨ ᠲᠣᠭᠤᠷᠢᠨ ᠤ ᠭᠠᠵᠠᠷ ᠰᠢᠷᠣᠶ ᠶᠢᠨ | ᠲᠥᠯᠥᠪᠵᠢᠭᠦᠯᠭᠡ ᠶᠢᠨ ᠠᠮᠤᠷ ᠲᠦᠪᠰᠢᠨ ᠤ ᠡᠵᠡᠮᠳᠡᠯ ᠤᠨ ᠱᠤᠭᠤᠮ ᠲᠠᠢ᠂ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ | ᠪᠠ ᠢᠵᠢ ᠪᠥᠷᠢᠳᠦᠭᠦᠯᠬᠦ ᠴᠢᠳᠠᠮᠵᠢ ᠶᠢᠨ ᠪᠡᠯᠡᠳᠬᠡᠮᠵᠢ ᠲᠠᠢ᠂ ᠪᠢᠲᠡᠭᠦᠮᠵᠢᠯᠡᠭᠰᠡᠨ ᠬᠠᠮᠢᠶᠠᠷᠤᠯᠲᠠ ᠲᠠᠢ᠂ ᠠᠶᠤᠯᠲᠠᠶ | ᠬᠢᠮᠢ ᠶᠢᠨ ᠪᠣᠳᠠᠰ ᠤᠨ ᠲᠡᠷᠭᠡ ᠬᠥᠰᠬᠡ ᠶᠢᠨ ᠲᠤᠰᠬᠠᠶ ᠬᠡᠷᠡᠭᠯᠡᠭᠡᠨ ᠤ ᠲᠡᠷᠭᠡᠨ ᠵᠣᠭᠰᠣᠭᠠᠯ ᠲᠠᠢ᠂ ᠮᠡᠳᠡᠭᠡ | ᠵᠠᠩᠭᠢᠵᠢᠯᠲᠠ ᠶᠢᠨ ᠲᠠᠪᠴᠠᠩ ᠲᠠᠢ᠂ ᠬᠢᠮᠢ ᠶᠢᠨ ᠠᠵᠤ ᠦᠢᠯᠡᠳᠪᠦᠷᠢ ᠶᠢᠨ ᠠᠮᠤᠷ ᠲᠦᠪᠰᠢᠨ ᠤ ᠮᠡᠷᠭᠡᠵᠢᠯ | ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠠᠢ᠂ ᠭᠠᠯ ᠤᠨᠲᠠᠷᠠᠭᠠᠬᠤ ᠪᠡᠯᠡᠳᠬᠡᠮᠵᠢ ︵ᠣᠨᠴᠠ | ᠦᠢᠯᠡᠴᠢᠯᠡᠭᠡᠨ ᠤ ᠥᠷᠲᠡᠭᠡ︶ ᠲᠠᠢ︔ ︽ᠴᠠᠭᠠᠵᠠᠯᠠᠬᠤ ᠶᠢ ᠬᠢᠵᠠᠭᠠᠷᠯᠠᠬᠤ︾ ᠭᠠᠷᠴᠠᠭ ᠪᠠ ᠲᠥᠷᠥᠯ ᠵᠦᠢᠯ ᠢ ᠠᠮᠤᠷ | ᠲᠦᠪᠰᠢᠨ ᠢᠶᠠᠷ ᠵᠥᠪᠰᠢᠶᠡᠷᠡᠨ ᠣᠷᠣᠭᠤᠯᠬᠤ ᠨᠥᠬᠦᠴᠡᠯ ᠲᠠᠢ ᠭᠡᠳᠡᠭ ᠢ ᠵᠢᠭᠠᠵᠤ ᠪᠣᠶ᠃ | 23. ᠭᠤᠷᠪᠠᠨ ᠬᠡᠰᠡᠭ ᠭᠠᠵᠠᠷ ᠤᠨ ᠥᠭᠡᠷᠡᠴᠢᠯᠡᠯᠲᠡ᠄ ᠬᠥᠳᠡᠭᠡ ᠲᠣᠰᠬᠤᠨ ᠤ ᠭᠠᠵᠠᠷ ᠰᠢᠷᠣᠶ ᠲᠠᠲᠠᠪᠤᠷᠢᠯᠠᠬᠤ᠂ | ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠵᠠᠬ᠎ᠠ | ᠳᠡᠯᠭᠡᠭᠦᠷ ᠲᠤ ᠣᠷᠣᠭᠤᠯᠬᠤ ᠪᠠ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠵᠢᠭᠠᠵᠤ ᠪᠤᠶ᠃ ᠡᠨᠡ ᠭᠤᠷᠪᠠᠨ ᠵᠦᠢᠯ ᠤᠨ ᠥᠭᠡᠷᠡᠴᠢᠯᠡᠯᠲᠡ ᠪᠣᠯ ᠬᠥᠳᠡᠭᠡ ᠲᠣᠰᠬᠤᠨ ᠤ | ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤᠷ᠂ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠳᠦᠷᠢᠮ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠠᠵᠤ ᠠᠬᠤᠶ ᠶᠢᠨ ᠬᠥᠭᠵᠢᠯᠲᠡ ᠪᠣᠯᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ | ᠶᠤᠮ᠃ | 24. ᠡᠷᠬᠡᠪᠰᠢ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ ᠵᠢᠭᠠᠵᠤ ᠪᠠᠶᠢᠨ᠎ᠠ᠃ | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | |