ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠨᠢ ᠠᠵᠤ ᠠᠬᠤᠶᠢᠯᠠᠯ ᠤᠨ ᠬᠠᠮᠠᠭᠠᠯᠠᠯᠲᠠ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2025/2/27
   ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨ ᠬᠦ ᠰᠡᠷᠭᠡᠶᠢᠯᠡᠬᠦ ᠶᠢᠨ ᠲᠥᠯᠥᠭᠡ᠂ 2 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠪᠥᠬᠦ ᠠᠵᠢᠯᠲᠠᠨ ᠵᠢᠴᠢ ᠪᠥᠬᠦ ᠬᠤᠰᠢᠭᠤᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
   ᠰᠧᠴᠤᠸᠠᠨ ᠮᠤᠵᠢ ᠶᠢᠨ ᠪᠠᠴᠢᠮ ᠪᠠᠶᠢᠳᠠᠯ ᠢ ᠠᠷᠭᠠᠴᠠᠬᠤ ᠲᠢᠩᠬᠢᠮ ᠤᠨ ᠲᠤᠰᠬᠠᠶ ᠮᠡᠷᠭᠡᠵᠢᠯᠲᠡᠨ᠂ ᠰᠧᠴᠤᠸᠠᠨ ᠮᠤᠵᠢ ᠶᠢᠨ ᠬᠠᠮᠢᠶᠠᠷᠤᠯᠲᠠ ᠶᠢᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠭᠴᠢ ᠼᠤᠤ ᠭᠠᠩ ᠠᠴᠠ ᠬᠢᠴᠢᠶᠡᠯ ᠤᠷᠤᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠪᠣᠯᠤᠨ ᠡᠯ᠎ᠡ ᠠᠵᠢᠯ ᠲᠥᠷᠥᠯ ᠤᠨ ᠬᠦᠷᠢᠶᠡᠨ ᠤ ᠣᠨᠴᠠᠯᠢᠭ ᠲᠠᠢ ᠤᠶᠠᠯᠳᠤᠭᠤᠯᠤᠨ᠂ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠭᠰᠠᠨ ᠪᠥᠭᠡᠳ ᠬᠠᠨᠳᠤᠯᠭᠠᠲᠤ ᠴᠢᠨᠠᠷᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠰᠠᠨᠠᠭᠤᠯᠭ᠎ᠠ ᠳᠤᠷᠠᠳᠴᠤ᠂ ᠪᠣᠯᠪᠠᠰᠤᠷᠠᠯ ᠳᠤ ᠣᠷᠣᠯᠴᠠᠭᠰᠠᠳ ᠲᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠳᠤ ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃    ᠸᠠᠩ ᠶᠦᠩ ᠹᠧᠩ ᠴᠢᠬᠤᠯᠠᠴᠢᠯᠠᠭᠰᠠᠨ ᠨᠢ᠂ ︽ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ︾ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠪᠣᠯᠪᠠᠰᠤᠷᠠᠯ ᠤᠨ ᠴᠠᠭ ᠨᠢ ᠣᠬᠤᠷ᠂ ᠠᠵᠠ ᠲᠣᠬᠢᠶᠠᠯ ᠤᠯᠬᠤ ᠥᠬᠡᠶ ᠪᠣᠯᠬᠤᠷ ᠣᠯᠠᠨ ᠢᠶᠠᠷ ᠢᠶᠠᠨ ᠬᠢᠴᠢᠶᠡᠯ ᠰᠣᠨᠣᠰᠴᠤ᠂ ᠣᠯᠤᠯᠲᠠ ᠲᠠᠢ ᠰᠤᠷᠴᠤ᠂ ᠠᠮᠵᠢᠯᠲᠠ ᠣᠯᠵᠤ ᠰᠤᠷᠴᠤ᠂ ᠪᠣᠯᠪᠠᠰᠤᠷᠠᠭᠤᠯᠤᠯ ᠤᠨ ᠳᠠᠷᠠᠭ᠎ᠠ ᠲᠣᠰ ᠨᠢᠭᠡᠴᠡ ᠶᠢᠨ ᠢᠶᠠᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠢ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠤᠷᠤᠯᠴᠠᠯᠭ᠎ᠠ ᠶᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠴᠢᠬᠤᠯᠠ ᠠᠭᠤᠯᠭ᠎ᠠ ᠪᠠ ᠴᠢᠬᠤᠯᠠ ᠠᠵᠢᠯ ᠪᠣᠯᠭᠠᠨ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠤᠭᠴᠢ᠂ ᠳᠠᠮᠵᠢᠭᠤᠯᠤᠭᠴᠢ ᠪᠠ ᠦᠢᠯᠡᠳᠦᠯᠭᠡᠵᠢᠭᠦᠯᠦᠭᠴᠢ ᠶᠢ ᠰᠠᠶᠢᠲᠤᠷ ᠬᠢᠵᠦ᠂ ᠠᠵᠢᠯ ᠡᠬᠢᠯᠡᠬᠦ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
   ᠲᠣᠰ ᠤᠳᠠᠭᠠᠨ ᠤ ᠠᠵᠢᠯᠯᠠᠭ᠎ᠠ ᠪᠣᠯ ᠠᠮᠵᠢᠯᠲᠠ ᠣᠯᠤᠭᠰᠠᠨ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠮᠥᠨ᠂ ᠪᠠᠰᠠ ᠴᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠬᠤᠶᠢᠰᠢᠳᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠪᠠ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃                                                  ᠵᠣᠬᠢᠶᠠᠭᠴᠢ᠄ ᠹᠠᠨ ᠵᠢᠶᠠ ᠸᠧᠨ                                                  ᠴᠢᠮᠡᠭᠡᠯᠡᠭᠴᠢ᠄ ᠰᠤᠯᠤᠩᠭ᠎ᠠ                                                  ᠤᠷᠴᠢᠭᠤᠯᠤᠭᠴᠢ᠄ ᠰᠤᠷᠤᠨ᠎ᠠ                                                  ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号