2 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ | ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ | ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | ᠬᠤᠷᠠᠯ ᠠᠴᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ ᠪᠣᠯᠤᠨ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ | ᠵᠠᠩ ᠵᠢᠶᠠᠨ ᠪᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠃ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠪᠢ | ᠬᠥᠮᠦᠨ ᠢ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ | ᠴᠢᠩᠭ᠎ᠠ ᠥᠷᠨᠢᠭᠦᠯᠵᠦ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠴᠢᠭᠯᠡᠯ ᠢᠶᠠᠨ ᠲᠣᠳᠣᠷᠬᠠᠶᠢᠯᠠᠬᠤ᠂ ᠦᠵᠡᠯ ᠰᠠᠨᠠᠭ᠎ᠠ ᠪᠠᠨ ᠰᠣᠯᠢᠯᠴᠠᠬᠤ᠂ ᠪᠦᠯᠬᠦᠮᠳᠡᠯ ᠢᠶᠠᠨ ᠴᠢᠩᠭᠠᠳᠬᠠᠬᠤ᠂ | ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠭᠦᠷᠦᠭᠰᠡᠨ ᠪᠠᠶᠢᠨ᠎ᠠ᠃ ᠵᠢᠯᠣᠭᠤᠳᠬᠤ ᠳᠤᠭᠤᠶᠢᠯᠠᠩ ᠤᠨ ᠬᠢᠨ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠵᠢᠴᠢ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠣᠯᠤᠭᠰᠠᠨ ᠦᠷ᠎ᠡ ᠪᠦᠲᠦᠭᠡᠯ ᠢ ᠨᠤᠲᠠᠯᠠᠬᠤ ᠶᠢᠨ ᠬᠠᠮᠲᠤ | ᠲᠣᠳᠣᠷᠬᠠᠶ ᠴᠢᠭᠯᠡᠯ᠂ ᠰᠠᠨᠠᠯ ᠰᠠᠨᠠᠭᠤᠯᠭ᠎ᠠ ᠳᠤᠷᠠᠳᠪᠠ᠃ | ᠵᠠᠩ ᠵᠢᠶᠠᠨ ᠪᠢᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠥᠪᠡᠷ ᠤᠨ | ᠪᠠᠶᠢᠴᠠᠭᠠᠨ ᠳᠡᠯᠭᠡᠭᠰᠡᠨ ᠠᠰᠠᠭᠤᠳᠠᠯ ᠪᠠ ᠪᠤᠰᠤᠳ ᠭᠡᠰᠢᠭᠦᠳ ᠤᠨ ᠳᠤᠷᠠᠳᠤᠭᠰᠠᠨ ᠰᠢᠭᠦᠮᠵᠢᠯᠡᠯ ᠰᠠᠨᠠᠯ᠂ | ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠡᠷᠬᠢᠮ ᠨᠠᠨᠳᠢᠨ ᠰᠠᠨᠠᠯ ᠢ ᠨᠠᠷᠢᠨ ᠬᠢᠨᠠᠮᠠᠭᠠᠶ ᠡᠮᠬᠢᠯᠡᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠬᠤᠭᠤᠴᠠᠭ᠎ᠠ ᠶᠢ ᠲᠣᠳᠣᠷᠬᠠᠶ ᠵᠢᠭᠰᠠᠭᠠᠵᠤ᠂ ᠮᠡᠳᠡᠮᠡᠭᠴᠡ | ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠡᠶᠡᠯᠡᠭᠦᠯᠵᠦ᠂ ᠲᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠨᠠᠮᠴᠢ ᠴᠢᠨᠠᠷ ᠢ ᠳᠠᠪᠲᠠᠨ | ᠪᠣᠯᠪᠠᠰᠤᠷᠠᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠦᠨᠡᠨᠴᠢ ᠰᠢᠳᠤᠷᠭᠤ ᠪᠠᠶᠢᠬᠤ ᠶᠢ | ᠪᠠᠲᠤ ᠰᠠᠬᠢᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠲᠤᠰ ᠤᠳᠠᠭ᠎ᠠ ᠶᠢᠨ ᠠᠷᠠᠳᠴᠢᠯᠠᠯ ᠤᠨ | ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠬᠤᠶᠠᠷ ᠢ ᠲᠣᠭᠲᠠᠭᠠᠬᠤ︾ ᠦᠵᠡᠯ ᠰᠠᠨᠠᠭᠠᠨ ᠤ | ᠤᠬᠠᠮᠰᠠᠷ ᠢ ᠤᠯᠠᠮ ᠴᠢᠨᠠᠭᠰᠢᠳᠠ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ | ᠠᠵᠢᠯᠯᠠᠭ᠎ᠠ︾ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠬᠤ ᠶᠢ ᠪᠠᠷᠢᠮᠲᠠᠯᠠᠵᠤ᠂ ᠤᠨᠤᠯ ᠤᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠣᠯᠤᠨ | ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠶ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠰᠢᠨ᠎ᠡ ᠦᠰᠦᠷᠦᠯᠲᠡ ᠶᠢ ᠠᠬᠢᠭᠤᠯᠬᠤ ᠬᠡᠷᠡᠭᠲᠡᠶ᠃ | ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠲᠦᠷᠦᠭᠦᠯᠡᠨ ᠪᠡᠶ᠎ᠡ ᠪᠠᠨ ᠵᠠᠰᠠᠵᠤ ᠪᠡᠶ᠎ᠡ ᠪᠠᠨ ᠱᠠᠭᠠᠷᠳᠠᠨ᠂ ᠢᠮᠠᠭᠲᠠ | ᠲᠦᠷᠦᠭᠦᠯᠡᠨ ᠵᠢᠱᠢᠶ᠎ᠡ ᠦᠵᠡᠭᠦᠯᠬᠦ ᠶᠢ ᠪᠡᠶᠡᠯᠡᠭᠦᠯᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ | ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠵᠠᠰᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ | | | | | ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |