2 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶ ᠤᠨ ᠠᠷᠪᠠᠨ ᠨᠢᠭᠡᠳᠦᠭᠡᠷ | ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠤᠷᠪᠠᠳᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠢᠦᠶ᠂ | ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠭᠦᠢᠴᠡᠳᠬᠡᠬᠦ ᠭᠡᠰᠢᠭᠦᠨ ᠵᠢᠴᠢ ᠬᠡᠰᠡᠭ ᠭᠡᠰᠢᠭᠦᠳ ᠤᠨ | ᠲᠥᠯᠥᠭᠡᠯᠡᠭᠴᠢ ᠬᠤᠷᠠᠯ ᠳᠤ ᠣᠷᠣᠯᠴᠠᠪᠠ᠃ | | ᠬᠤᠷᠠᠯ ᠳᠤ ᠣᠷᠣᠯᠴᠠᠬᠤ ᠶᠣᠰᠣᠲᠠᠶ ᠭᠦᠢᠴᠠᠤᠡᠭᠡᠬᠦ ᠭᠡᠰᠢᠭᠦᠨ 28 ᠬᠥᠮᠦᠨ᠂ ᠪᠣᠳᠠᠲᠠᠶ ᠣᠷᠣᠯᠴᠠᠭᠰᠠᠨ | ᠭᠦᠢᠴᠠᠤᠡᠭᠡᠬᠦ ᠭᠡᠰᠢᠭᠦᠨ 26 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠬᠤᠷᠠᠯ ᠵᠢᠴᠢ | ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ | ᠬᠤᠳᠠᠯᠳᠤᠭᠠᠴᠢᠳ ᠤᠨ ᠶᠡᠷᠦᠩᠬᠡᠶ ᠡᠪᠯᠡᠯ︶ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ | ᠭᠦᠢᠴᠡᠳᠬᠡᠬᠦ ᠺᠣᠮᠢᠰ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠮᠦᠰ ᠤᠨ ᠭᠡᠷ︾ ᠤᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ᠂ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭ᠎ᠠ᠂ ᠬᠠᠤᠯᠢ ᠴᠠᠭᠠᠵᠠ ᠪᠠᠷ ᠠᠵᠤ ᠠᠬᠤᠶᠢᠯᠠᠯ ᠢ ᠬᠠᠮᠠᠭᠠᠯᠠᠬᠤ᠂ ᠬᠤᠳᠠᠯᠳᠤᠭ᠎ᠠ ᠠᠵᠤ ᠠᠬᠤᠶᠢᠯᠠᠯ ᠤᠨ | ᠬᠤᠷᠰᠢᠯᠴᠠᠭ᠎ᠠ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠬᠦᠷᠦᠩᠭᠡ ᠶᠢ | ᠦᠷᠭᠦᠯᠵᠢᠯᠡᠨ ᠣᠷᠣᠭᠤᠯᠤᠨ ᠠᠪᠴᠢᠷᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠭᠦᠢᠴᠡᠳᠬᠡᠬᠦ ᠵᠥᠪᠯᠡᠯ ᠵᠢᠴᠢ ᠭᠦᠢᠴᠡᠳᠬᠡᠬᠦ ᠵᠥᠪᠯᠡᠯ ᠤᠨ ᠠᠵᠤ | ᠠᠬᠤᠶᠢᠯᠠᠯ ᠤᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠬᠤᠰᠢᠭᠤᠨ ᠤ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠲᠠᠷᠢᠶᠠᠯᠠᠩ᠂ ᠰᠢᠨ᠎ᠡ ᠵᠢᠭᠤᠯᠴᠢᠯᠠᠯ᠂ ᠰᠢᠨ᠎ᠡ ᠡᠯᠧᠺᠲᠷᠤᠨ | ᠬᠤᠳᠠᠯᠳᠤᠭᠠᠨ ᠤ ︽ᠲᠠᠪᠤᠨ ᠰᠢᠨ᠎ᠡ ᠠᠵᠤ ᠦᠢᠯᠡᠰ︾ ᠲᠤ ᠢᠳᠡᠪᠬᠢᠲᠡᠶ ᠣᠷᠣᠯᠴᠠᠵᠤ᠂ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠤ | ᠠᠬᠤᠶᠢᠯᠠᠯ ᠤᠨ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ | ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ | ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠦᠢᠯᠡᠰ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ | | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠯᠢ ᠷᠦᠩ ᠰᠢᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |