2 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ 45 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ᠂ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠬᠠᠶ ᠬᠤᠩ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠷᠧᠨ ᠹᠠᠩ᠂ ᠵᠣᠣ ᠬᠠᠶ ᠫᠢᠩ᠂ ᠵᠣᠣ ᠵᠢᠶᠠᠩ᠂ ᠫᠠᠩ ᠵᠥᠩ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ | ᠡᠷᠬᠢᠯᠡᠭᠴᠢ ᠯᠦ ᡁᠢ ᠭᠦᠸᠧ ᠵᠢᠴᠢ ᠡᠯ᠎ᠡ ᠲᠤᠰᠬᠠᠶ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ | ᠣᠷᠣᠯᠴᠠᠵᠠᠶ᠃ | | ᠬᠤᠷᠠᠯ ᠠᠴᠠ ᠤᠯᠠᠭᠠᠨᠴᠠᠪ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ | ᠤᠯᠠᠮᠵᠢᠯᠠᠨ ᠰᠤᠷᠤᠯᠴᠠᠵᠤ᠂ ︽ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ | ᠲᠥᠰᠦᠯ︾᠂ ︽ᠭᠡᠰᠢᠭᠦᠳ ᠤᠨ ᠨᠠᠮ ᠤᠨ ᠭᠠᠳᠠᠨᠠᠬᠢ ᠭᠡᠰᠢᠭᠦᠳ ᠲᠠᠢ ᠬᠠᠷᠢᠯᠴᠠᠬᠤ ᠠᠷᠭ᠎ᠠ︾᠂ ︽ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ | ᠬᠠᠮᠲᠤᠷᠠᠭᠰᠠᠨ ᠬᠤᠷᠠᠯ ᠤᠨ ᠲᠦᠷᠢᠮ︾᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠤᠪᠢ | ᠲᠡᠮᠳᠡᠭᠯᠡᠬᠦ ᠳᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠡᠮᠵᠢᠶᠡᠵᠢᠭᠦᠯᠦᠨ ᠬᠢᠨᠠᠨ ᠰᠢᠯᠭᠠᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠮᠡᠳᠡᠭᠳᠡᠯ︾᠂ ︽ᠡᠲᠡᠭᠡᠳ ᠤᠨ ᠢᠯᠭᠠᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠵᠢᠴᠢ ᠤᠯᠤᠰ ᠲᠥᠷᠥ ᠶᠢᠨ | ᠵᠥᠪᠯᠡᠯᠭᠡᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠷᠢᠶᠠᠨ ᠤ 2025 ᠣᠨ ᠤ ᠵᠦᠪᠳᠡᠯᠴᠡᠬᠦ᠂ | ᠪᠠᠶᠢᠴᠠᠭᠠᠨ ᠰᠤᠳᠤᠯᠬᠤ᠂ ᠡᠲᠡᠭᠡᠳ ᠤᠨ ᠢᠯᠭᠠᠯ ᠤᠨ ᠠᠵᠢᠯᠯᠠᠭ᠎ᠠ ᠵᠡᠷᠭᠡ ᠰᠡᠳᠦᠪ ᠢ ᠶᠠᠷᠢᠯᠴᠠᠨ ᠪᠠᠲᠤᠯᠠᠭᠰᠠᠨ | ᠪᠥᠭᠡᠳ ᠲᠡᠷᠢᠭᠦᠯᠡᠭᠴᠢ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠪᠡ᠃ ᠬᠤᠷᠠᠯ ᠠᠴᠠ ᠪᠠᠰᠠ | ᠤᠢᠢᠷ᠎ᠠ ᠶᠢᠨ ᠬᠤᠭᠤᠴᠠᠭᠠᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠪᠦᠬᠦ ᠪᠠᠶᠢᠭᠤᠯᠭ᠎ᠠ ᠶᠢᠨ ᠺᠠᠳ᠋ᠷ ᠪᠠᠶᠢᠭᠤᠯᠭ᠎ᠠ ᠶᠢᠨ ᠲᠦᠷᠢᠮ ᠢ ᠴᠢᠩᠭ᠎ᠠ ᠵᠢᠷᠤᠮᠯᠠᠨ ᠠᠵᠢᠯ ᠢᠶᠠᠨ | ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠥᠨᠳᠥᠷ ᠪᠦᠲᠦᠮᠵᠢᠲᠡᠢ ᠠᠵᠢᠯᠯᠠᠭᠠᠨ ᠢ | ᠪᠠᠲᠤᠯᠠᠬᠤ ᠬᠡᠷᠡᠭᠲᠡᠢ᠃ ᠠᠯᠪᠠᠨ ᠭᠡᠷ ᠨᠢ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠠᠵᠢᠯᠯᠠᠭᠠᠨ ᠤ ᠭᠤᠣᠯ | ᠴᠥᠮ᠎ᠡ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ᠂ ᠣᠯᠠᠨ ᠳᠡᠰ ᠳᠠᠪᠬᠤᠷᠭ᠎ᠠ ᠪᠠᠷ | ᠰᠠᠶᠢᠲᠤᠷ ᠬᠢᠬᠦ ᠬᠡᠷᠡᠭᠲᠡᠶ᠃ ᠡᠯ᠎ᠡ ᠲᠤᠰᠬᠠᠢ ᠵᠥᠪᠯᠡᠯ ᠨᠢ ᠰᠠᠭᠤᠷᠢ ᠴᠢᠨᠠᠷᠲᠠᠢ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠯᠪᠡᠷᠢ ᠪᠠᠨ ᠤᠯᠠᠮ ᠴᠢᠨᠠᠭᠰᠢᠳᠠ ᠪᠠᠶᠠᠯᠢᠭᠵᠢᠭᠤᠯᠵᠤ᠂ | ᠡᠲᠡᠭᠡᠳ ᠤᠨ ᠢᠯᠭᠠᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠡᠲᠡᠭᠡᠳ ᠤᠨ ᠢᠯᠭᠠᠯ ᠤᠨ ᠭᠡᠰᠢᠭᠦᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ ᠢ ᠭᠦᠢᠴᠡᠳ ᠳᠠᠶᠢᠴᠢᠯᠠᠵᠤ᠂ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠡᠢ᠃ | | | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | |