ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
   2 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠬᠠᠶ ᠬᠤᠩ ᠬᠤᠷᠠᠯ ᠢ ᠡᠷᠭᠢᠯᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠵᠣᠣ ᠵᠢᠶᠠᠩ᠂ ᠫᠠᠩ ᠵᠥᠩ ᠣᠷᠣᠯᠴᠠᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠹᠠᠩ᠂ ᠵᠣᠣ ᠬᠠᠶ ᠫᠢᠩ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠯᠦ ᡁᠢ ᠭᠦᠸᠧ ᠰᠤᠯᠠ ᠣᠷᠣᠯᠴᠠᠵᠠᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠬᠤᠷᠠᠯ ᠠᠴᠠ ᠡᠮᠦᠨ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠭᠦᠨᠵᠡᠭᠡᠶ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃    ᠬᠤᠷᠠᠯ ᠠᠴᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠵᠠᠩ ᠬᠠᠶ ᠬᠤᠩ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠵᠤ᠂ ᠥᠪᠡᠷ ᠤᠨ ᠰᠢᠭᠦᠮᠵᠢᠯᠡᠯ ᠬᠢᠵᠦ᠂ ᠰᠠᠨᠠᠭᠠᠴᠢᠯᠠᠭ᠎ᠠ ᠠᠴᠠ ᠪᠠᠨ ᠰᠢᠭᠦᠮᠵᠢᠯᠡᠯ ᠢ ᠬᠦᠯᠢᠶᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠦᠨᠡᠯᠡᠯᠲᠡ ᠬᠢᠵᠦ ᠶᠠᠷᠢᠶ᠎ᠠ ᠲᠠᠯᠪᠢᠪᠠ᠃    ᠵᠠᠩ ᠬᠠᠶ ᠬᠤᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠦᠨᠵᠡᠭᠡᠶ ᠪᠠᠶᠢᠴᠠᠭᠠᠨ ᠦᠵᠡᠵᠦ᠂ ᠲᠥᠪ ᠴᠢᠩᠭ᠎ᠠ ᠰᠢᠭᠦᠮᠵᠢᠯᠡᠯ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠳᠠᠲᠠᠶ ᠶᠢ ᠡᠷᠬᠢᠮᠯᠡᠵᠦ᠂ ᠮᠠᠰᠢ ᠶᠡᠭᠡ ᠦᠷ᠎ᠡ ᠪᠦᠲᠦᠮᠵᠢ ᠤᠯᠪᠠ᠃ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠢᠯ ᠢᠶᠠᠨ ᠠᠬᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢ ᠲᠦᠷᠦᠭᠦᠯᠡᠨ ᠰᠤᠷᠤᠯᠴᠠᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠢ ᠬᠥᠲᠥᠯᠪᠦᠷᠢ ᠪᠣᠯᠭᠠᠵᠤ᠂ ᠤᠶᠠᠯᠳᠤᠭᠤᠯᠬᠤ ᠲᠠᠯ᠎ᠠ ᠪᠠᠷ ᠬᠦᠴᠦ ᠣᠷᠣᠭᠤᠯᠵᠤ᠂ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠶᠡᠭᠡ ᠲᠠᠯ᠎ᠠ ᠳᠤ ᠲᠦᠷᠦᠭᠦᠯᠡᠨ ᠦᠢᠯᠡᠴᠢᠯᠡᠵᠦ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠵᠡᠷᠭᠡ ᠪᠥᠬᠦ ᠬᠤᠰᠢᠭᠤᠨ ᠤ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠠᠷᠳᠠᠬᠤ ᠴᠡᠭ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠣᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠷᠦᠭᠦᠯᠡᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠴᠠᠭ ᠲᠤᠬᠠᠢ ᠳᠤᠨᠢ ᠲᠤᠰᠬᠠᠵᠤ᠂ ᠤᠯᠠᠨ ᠲᠦᠮᠡᠨ ᠤ ᠪᠠᠴᠢᠮ ᠪᠡᠷᠬᠡ ᠵᠣᠪᠠᠨᠢᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠬᠦ᠂ ᠵᠥᠪᠳᠡᠯᠴᠡᠬᠦ᠂ ᠬᠢᠨᠠᠯᠲᠠ ᠲᠠᠯᠪᠢᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠲᠦᠷᠦᠭᠦᠯᠡᠨ ᠬᠦᠢᠴᠡᠳᠬᠡᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ ᠤᠨ ᠬᠤᠶᠠᠷ ᠡᠩᠨᠡᠭᠡᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃                                          ᠤᠷᠴᠢᠭᠤᠯᠤᠭᠴᠢ᠄ ᠡᠷᠳᠡᠨᠢᠴᠢᠮᠡᠭ                                          ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠦᠪᠯᠡᠯᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号