3 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠪᠠᠶᠠᠨᠴᠠᠭᠠᠨ ᠪᠠᠯᠭᠠᠰᠤ ᠣᠶᠢᠷ᠎ᠠ ᠶᠢᠨ ᠬᠤᠭᠤᠴᠠᠭᠠᠨ ᠤ | ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ᠂ ᠹᠢᠯᠢᠮ ᠤᠨ ᠳᠠᠷᠤᠭ᠎ᠠ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ | ᠱᠦᠵᠢ ᠬᠤᠷᠠᠯ ᠳᠤ ᠣᠷᠣᠯᠴᠠᠪᠠ᠃ | | ᠬᠤᠷᠠᠯ ᠠᠴᠠ ᠬᠤᠶᠠᠷ ᠬᠤᠷᠠᠯ ᠤᠨ ᠲᠣᠭᠲᠠᠭᠤᠨ ᠢ ᠬᠠᠮᠠᠭᠠᠯᠠᠬᠤ ᠪᠠ ᠵᠥᠷᠢᠴᠡᠯ ᠢ ᠵᠢᠭᠰᠠᠭᠠᠨ ᠪᠠᠶᠢᠴᠠᠭᠠᠬᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠱᠠᠰᠢᠨ ᠰᠤᠷᠲᠠᠬᠤᠨ ᠬᠢᠭᠡᠳ ᠴᠤᠭᠯᠠᠭᠠᠨ ᠤ | ᠬᠠᠮᠢᠶᠠᠷᠤᠯᠲᠠ᠂ ᠲᠠᠷᠢᠶᠠᠯᠠᠩ ᠪᠣᠯᠤᠨ ᠠᠮᠢ ᠠᠬᠤᠢ᠂ ︽ᠭᠤᠷᠪᠠᠨ ᠪᠡᠯᠡ︾ ᠶᠢᠨ ᠲᠠᠪᠴᠠᠩ ᠢ ᠰᠢᠩᠭᠡᠭᠡᠨ | ᠣᠷᠣᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠬᠤᠶᠠᠷ ᠬᠤᠷᠠᠯ ᠤᠨ ᠲᠣᠭᠲᠠᠭᠤᠨ ᠢ ᠬᠠᠮᠠᠭᠠᠯᠠᠬᠤ ᠵᠢᠴᠢ ᠵᠥᠷᠢᠴᠡᠯ ᠢ | ᠪᠠᠶᠢᠴᠠᠭᠠᠬᠤ ᠠᠵᠢᠯ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠬᠠᠭᠤᠴᠢᠨ ᠡᠷᠦᠬᠡ᠂ ᠠᠰᠢᠭ ᠲᠤᠰᠠ ᠶᠢᠨ ᠭᠤᠮᠣᠳᠠᠯ ᠲᠣᠭᠠᠴᠢᠯᠲᠠ ᠶᠢᠨ ᠬᠠᠮᠲᠤᠯᠢᠭ ᠢ | ᠭᠤᠣᠯᠳᠠᠯᠭ᠎ᠠ ᠲᠠᠢ ᠠᠩᠬᠠᠷᠴᠤ᠂ ᠮᠡᠳᠡᠭᠡ ᠵᠠᠩᠭᠢ ᠶᠢ ᠴᠤᠭᠯᠠᠭᠤᠯᠬᠤ ᠪᠠ ᠰᠤᠳᠤᠯᠤᠨ ᠮᠠᠭᠠᠳᠯᠠᠬᠤ ᠪᠠᠨ | ᠴᠢᠩᠭᠠᠳᠬᠠᠵᠤ᠂ ᠵᠥᠷᠢᠴᠡᠯ ᠢ ᠴᠠᠭ ᠲᠤᠬᠠᠢ ᠳᠤᠨᠢ ᠠᠷᠢᠯᠭᠠᠵᠤ᠂ ᠬᠤᠶᠠᠷ ᠬᠤᠷᠠᠯ ᠤᠨ ᠬᠤᠭᠤᠴᠠᠭᠠᠨ ᠳᠤ ᠮᠠᠨ ᠤ | ᠪᠠᠯᠭᠠᠰᠤᠨ ᠤ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ᠂ᠡᠯ᠎ᠡ ᠰᠠᠯᠠᠭ᠎ᠠ ᠮᠥᠴᠢᠷ ᠤᠨ ᠬᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠳᠤ ᠢᠳᠡᠪᠬᠢᠲᠡᠢ ᠬᠠᠮᠵᠢᠯᠴᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ | ᠡᠷᠬᠡ ᠶᠢᠨ ᠵᠢᠷᠤᠮᠵᠢᠯ ᠲᠠᠢ ᠶᠠᠪᠤᠭᠳᠠᠬᠤ ᠶᠢ ᠪᠠᠲᠤᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠤᠨ ᠲᠠᠯ᠎ᠠ ᠪᠠᠷ᠃ ᠡᠯ᠎ᠡ ᠨᠠᠮ ᠤᠨ ᠡᠭᠦᠷ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠭᠦᠨᠵᠡᠭᠡᠶ ᠥᠷᠨᠢᠭᠦᠯᠵᠦ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠪᠠ ᠨᠠᠮ ᠤᠨ | ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠲᠠᠯ᠎ᠠ ᠪᠠᠷ᠃ 50 ᠬᠥᠮᠦᠨ ᠠᠴᠠ ᠳᠡᠭᠡᠭᠰᠢᠬᠢ ᠨᠠᠮ ᠤᠨ ᠡᠭᠦᠷ ᠠᠴᠠ | ᠨᠠᠮ ᠤᠨ ᠶᠡᠷᠦᠩᠬᠡᠶ ᠡᠭᠦᠷ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠵᠦ᠂ ᠡᠷᠬᠡᠪᠰᠢ ᠲᠣᠭᠲᠠᠭᠰᠠᠨ ᠴᠠᠭ ᠤᠨ | ᠳᠣᠲᠣᠷ᠎ᠠ ᠵᠣᠬᠢᠶᠠᠨ ᠪᠠᠶᠢᠭᠤᠯᠬᠤ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠨᠡᠭᠦᠳᠡᠯ ᠨᠠᠮ ᠤᠨ ᠭᠡᠰᠢᠭᠦᠨ ᠢ | ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠡᠮᠳᠡᠭᠯᠡᠬᠦ ᠶᠣᠰᠣᠲᠠᠶ ᠶᠢ ᠨᠢ ᠴᠥᠮ | ᠲᠡᠮᠳᠡᠭᠯᠡᠵᠦ᠂ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠵᠢᠯ ᠤᠨ | ᠨᠠᠷᠢᠨ ᠵᠦᠢᠯᠡᠰ ᠢ ᠠᠩᠬᠠᠷᠴᠤ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠱᠠᠰᠢᠨ ᠰᠤᠷᠲᠠᠬᠤᠨ ᠬᠢᠭᠡᠳ ᠴᠤᠭᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ᠃ ᠱᠠᠰᠢᠨ ᠰᠤᠷᠲᠠᠬᠤᠨ | ᠪᠠ ᠬᠤᠪᠢ ᠬᠥᠮᠦᠨ ᠤ ᠴᠤᠭᠯᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ | ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠲᠠᠷᠢᠶᠠᠯᠠᠩ ᠪᠠ ᠠᠮᠢ ᠠᠬᠤᠶ ᠶᠢᠨ ᠠᠵᠢᠯ᠃ ᠡᠯ᠎ᠡ | ᠰᠠᠯᠠᠭ᠎ᠠ ᠮᠥᠴᠢᠷ ᠤᠳ ᠢᠳᠡᠪᠬᠢᠲᠡᠶ ᠪᠠᠷ ᠬᠥᠳᠡᠯᠦᠯᠴᠡᠵᠦ᠂ ᠤᠬᠠᠭᠤᠯᠵᠤ ᠬᠥᠲᠥᠯᠥᠨ ᠵᠢᠯᠣᠭᠤᠳᠬᠤ᠂ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠶᠡᠭᠡ ᠬᠦᠴᠦ ᠣᠷᠣᠭᠤᠯᠤᠨ ᠠᠵᠢᠯ ᠬᠢᠬᠦ ᠬᠡᠷᠡᠭᠲᠡᠶ᠃ | ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥ ᠶᠢᠨ | ᠪᠣᠳᠣᠯᠭ᠎ᠠ ᠶᠢ ᠤᠬᠠᠭᠤᠯᠬᠤ ᠪᠠ ᠣᠯᠠᠨ ᠲᠦᠮᠡᠨ ᠳᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠤᠲᠤᠭ | ᠪᠡᠯᠴᠢᠭᠡᠷ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠦᠨᠳᠦ | ᠶᠡᠭᠡ ᠭᠠᠯ ᠤᠨ ᠠᠶᠤᠯ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠪᠤᠷ ᠤᠨ ᠤᠯᠠᠷᠢᠯ ᠤᠨ | ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠯᠲᠦᠷᠢᠭᠦᠯᠬᠦ | ᠶᠣᠰᠣᠲᠠᠢ ᠶᠢ ᠨᠢ ᠪᠦᠬᠦᠨ ᠢ ᠬᠡᠯᠲᠦᠷᠢᠭᠦᠯᠬᠦ ᠶᠢ ᠪᠡᠶᠡᠯᠡᠭᠦᠯᠦᠨ᠎ᠡ᠃ ᠰᠦᠯᠢᠶᠣᠣ ᠪᠦᠷᠬᠦᠪᠴᠢ ᠶᠢ ᠴᠡᠪᠡᠷᠯᠡᠬᠦ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠵᠢᠴᠢ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠠᠴᠠ | ᠵᠥᠷᠢᠴᠡᠨ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠮᠠᠨ ᠤ ᠪᠠᠯᠭᠠᠰᠤᠨ ᠤ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠨ᠎ᠠ᠃ ︽ᠪᠡᠯᠡ ᠮᠥᠩᠭᠦ ᠡᠳ᠋ ᠬᠥᠷᠥᠩᠭᠡ ᠡᠬᠢ | ᠪᠠᠶᠠᠯᠢᠭ︾ ᠤᠨ ᠲᠠᠪᠴᠠᠩ ᠢ ᠪᠢᠴᠢᠵᠦ ᠣᠷᠣᠭᠤᠯᠬᠤ ᠠᠵᠢᠯ᠃ ᠡᠯ᠎ᠡ ᠭᠠᠴᠠᠭ᠎ᠠ ᠲᠣᠰᠬᠤᠨ ᠣᠷᠣᠭᠤᠯᠬᠤ | ᠠᠬᠢᠴᠠ ᠪᠠᠨ ᠲᠦᠷᠭᠡᠳᠬᠡᠵᠦ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠦᠷᠢᠨ ᠪᠦᠲᠦᠨ ᠪᠠᠶᠢᠬᠤ ᠶᠢ ᠪᠠᠲᠤᠯᠠᠵᠤ᠂ | ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠬᠤ | ᠬᠡᠷᠡᠭᠲᠡᠶ᠃ ᠬᠤᠷᠠᠯ ᠠᠴᠠ ᠴᠢᠬᠤᠯᠠᠴᠢᠯᠠᠭᠰᠠᠨ ᠨᠢ᠃ ᠪᠥᠬᠦ ᠪᠠᠯᠭᠠᠰᠤᠨ ᠤ ᠺᠠᠳ᠋ᠷᠴᠤᠳ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠵᠢᠯ ᠳᠤ ᠣᠷᠣᠯᠴᠠᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠠᠬᠢᠯᠡᠯᠲᠡ ᠶᠢ ᠡᠪᠳᠡᠵᠦ᠂ ᠬᠦᠴᠦᠷᠬᠡᠭ | ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠢ ᠠᠬᠢᠭᠤᠯᠬᠤ ᠳᠤᠮᠳᠠ᠂ ᠠᠷᠭ᠎ᠠ | ᠬᠡᠯᠪᠡᠷᠢ ᠶᠢ ᠴᠢᠬᠤᠯᠠᠴᠢᠯᠠᠵᠤ᠂ ᠬᠠᠤᠯᠢ ᠲᠣᠭᠲᠠᠭᠠᠯ ᠶᠣᠰᠣᠭᠠᠷ᠂ ᠬᠥᠮᠦᠨ ᠢᠶᠠᠷ ᠦᠨᠳᠦᠰᠦ ᠪᠣᠯᠭᠠᠵᠤ᠂ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠡᠷᠴᠢᠮ ᠲᠠᠢ᠂ ᠬᠠᠶᠢᠷ᠎ᠠ ᠰᠡᠳᠬᠢᠯᠭᠡ ᠲᠠᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠴᠦᠰ ᠲᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢᠦᠢ ᠬᠤᠩ ᠳ᠋ᠦᠩᠨᠡᠯᠲᠡ ᠶᠢᠨ | ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ᠂ ᠲᠣᠰ ᠤᠳᠠᠭᠠᠨ ᠤ ᠬᠤᠷᠠᠯ ᠤᠨ ᠪᠠᠶᠢᠷᠢᠯᠠᠭᠤᠯᠤᠭᠰᠠᠨ ᠠᠵᠢᠯ ᠪᠣᠯ ᠪᠥᠬᠦ | ᠪᠠᠯᠭᠠᠰᠤᠨ ᠤ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠬᠤ ᠴᠢᠬᠤᠯᠠ ᠶᠠᠪᠤᠳᠠᠯ | ᠮᠥᠨ᠃ ᠣᠯᠠᠨ ᠡᠭᠦᠷᠭᠡ ᠶᠢᠨ ᠡᠮᠦᠨ᠎ᠡ᠂ ᠪᠥᠬᠦ ᠪᠠᠯᠭᠠᠰᠤᠨ ᠤ ᠺᠠᠳ᠋ᠷᠴᠤᠳ ᠴᠤᠭ ᠪᠠᠳᠠᠷᠠᠩᠭᠤᠶ ᠲᠡᠮᠡᠴᠡᠯ ᠤᠨ ᠵᠣᠷᠢᠭ | ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠷᠢᠰᠥᠯᠳᠦᠭᠡᠨ ᠢ ᠤᠭᠲᠤᠵᠤ᠂ ᠯᠠᠪᠳᠠᠭᠤᠨ ᠪᠠᠲᠤᠲᠠᠶ ᠠᠵᠢᠯ ᠤᠨ | ᠰᠤᠷᠲᠠᠯ ᠢᠶᠠᠷ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠵᠤ᠂ ᠪᠠᠶᠠᠨᠴᠠᠭᠠᠨ ᠪᠠᠯᠭᠠᠰᠤᠨ ᠤ ᠲᠣᠭᠲᠠᠭᠤᠨ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ ᠭᠡᠵᠡᠶ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |