ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠰᠦᠢᠳᠭᠡᠯ ᠬᠤᠷᠢᠶᠠᠬᠤ ᠥᠬᠡᠶ ᠪᠠᠷ ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/10
   3 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠴᠠᠬᠠᠷ ᠠᠭᠤᠳᠠᠮ ᠲᠠᠯᠠᠪᠠᠶ ᠳᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠵᠤ᠂ ᠰᠦᠢᠳᠬᠡᠯ ᠬᠤᠷᠢᠶᠠᠬᠤ ᠥᠬᠡᠶ ᠪᠠᠷ ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠪᠡᠯᠡᠭ ᠬᠦᠷᠭᠡᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢᠯᠡᠭᠡᠨ ᠤ ᠪᠦᠯᠬᠦᠮ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠴᠢᠰᠤᠨ ᠳᠠᠷᠤᠯᠲᠠ᠂ ᠴᠢᠰᠤᠨ ᠰᠢᠬᠢᠷ ᠤᠨ ᠬᠡᠮᠵᠢᠯᠲᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠡᠮᠡᠭᠲᠡᠶᠢᠴᠦᠳ ᠤᠨ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠨᠢᠷᠠᠶ ᠬᠡᠤᠬᠡᠳ ᠤᠨ ᠵᠡᠷᠡᠮᠳᠡᠭ ᠢ ᠤᠷᠢᠳᠴᠢᠯᠠᠨ ᠰᠡᠷᠭᠡᠶᠢᠯᠡᠬᠦ ᠭᠤᠤᠯᠳᠠᠯᠭ᠎ᠠ ᠶᠢ ᠨᠠᠷᠢᠨ ᠲᠠᠨᠢᠯᠴᠠᠭᠤᠯᠵᠤ᠂ ᠣᠯᠠᠨ ᠲᠦᠮᠡᠨ ᠤ ᠳᠤᠷᠠᠳᠤᠭᠰᠠᠨ ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠡᠮᠡᠭᠲᠡᠶᠢᠴᠦᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠲᠤᠬᠠᠶ ᠠᠩᠬᠠᠷᠬᠤ ᠬᠡᠮᠵᠢᠶ᠎ᠡ ᠪᠠ ᠡᠷᠡᠭᠦᠯᠵᠢᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠤᠷᠠᠳᠤᠭᠤᠰᠢᠲᠠᠶ ᠨᠢ᠂ ᠲᠣᠰ ᠤᠳᠠᠭᠠᠨ ᠤ ᠠᠵᠢᠯᠯᠠᠭ᠎ᠠ ᠶᠢᠨ ᠳᠠᠷᠠᠭᠠᠬᠢ ᠰᠢᠭᠰᠢᠨ ᠪᠠᠶᠢᠴᠠᠭᠠᠬᠤ ᠠᠵᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ᠦᠷᠭᠦᠯᠵᠢᠯᠡᠨ ᠶᠠᠪᠤᠭᠳᠠᠬᠤ ᠪᠣᠯᠤᠨ᠎ᠠ᠃
   ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠡᠮᠡᠭᠲᠡᠶᠢᠴᠦᠳ ᠤᠨ ᠡᠷᠡᠭᠦᠯ ᠮᠡᠨᠳᠦ ᠨᠢ ᠬᠡᠷ ᠪᠦᠯᠢ ᠶᠢᠨ ᠵᠣᠯ ᠵᠢᠷᠭᠠᠯ ᠪᠠ ᠨᠡᠶᠢᠭᠡᠮ ᠤᠨ ᠡᠶ᠎ᠡ ᠵᠣᠬᠢᠴᠠᠯ ᠲᠠᠢ ᠬᠤᠯᠪᠣᠭᠳᠠᠵᠤ ᠪᠠᠶᠢᠳᠠᠭ᠂ ᠡᠶᠢᠮᠦᠷᠬᠦ ᠨᠡᠶᠢᠲᠡ ᠶᠢᠨ ᠠᠰᠠᠷᠠᠮᠵᠢ ᠶᠢᠨ ᠰᠢᠭᠰᠢᠨ ᠪᠠᠶᠢᠴᠠᠭᠠᠬᠤ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠡᠮᠡᠭᠲᠡᠶᠢᠴᠦᠳ ᠢ ᠲᠣᠰ ᠪᠡᠶ᠎ᠡ ᠶᠢᠨ ᠡᠷᠡᠭᠦᠯ ᠮᠡᠨᠳᠦ ᠶᠢ ᠴᠢᠬᠤᠯᠠᠴᠢᠯᠠᠵᠤ᠂ ᠡᠪᠡᠳᠴᠢᠨ ᠡᠮᠭᠡᠭ ᠢ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠬᠤ ᠶᠢ ᠬᠦᠰᠡᠵᠦ ᠪᠠᠶᠢᠨ᠎ᠠ ᠭᠡᠵᠡᠶ᠃ ᠢᠷᠡᠭᠡᠳᠦᠶ ᠳᠤ ᠪᠢᠳᠡ ᠪᠠᠰᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠨ᠎ᠠ︾ ᠭᠡᠵᠡᠶ᠃
   ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠮᠡᠭᠲᠡᠶᠢᠴᠦᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠠᠷᠠᠳ ᠲᠤ ᠠᠰᠢᠭ ᠬᠦᠷᠲᠡᠭᠡᠬᠦ ᠡᠷᠡᠭᠦᠯ ᠮᠡᠨᠳᠦ ᠶᠢᠨ ᠠᠵᠢᠯᠯᠠᠭ᠎ᠠ ᠶᠢᠨ ᠭᠦᠨᠵᠡᠭᠡᠶ ᠥᠷᠨᠢᠬᠦ ᠶᠢ ᠦᠷᠭᠦᠯᠵᠢᠯᠡᠨ ᠠᠬᠢᠭᠤᠯᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠪᠥᠬᠦ ᠲᠠᠯ᠎ᠠ ᠪᠠᠷ ᠬᠠᠮᠠᠭᠠᠯᠠᠨ᠎ᠠ᠃                              ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠵᠠᠩ ᠸᠧᠶ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号