ᠲᠡᠦᠬᠡ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠦᠨᠳᠦᠰᠦᠨ ᠱᠠᠲᠤᠨ ᠤ ᠲᠡᠦᠬᠡ ᠰᠣᠶᠣᠯ ᠤᠨ ᠡᠬᠢ ᠪᠠᠶᠠᠯᠢᠭ ᠤᠨ ᠣᠳᠣᠬᠢ ᠪᠠᠶᠢᠳᠠᠯ ᠢ ᠭᠦᠨᠵᠡᠭᠡᠶ | ᠣᠶᠢᠯᠠᠭᠠᠬᠤ ᠶᠢᠨ ᠲᠥᠯᠥᠭᠡ᠂ 3 ᠰᠠᠷ᠎ᠠ ᠶᠢᠨ 7 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠬᠠᠶ ᠬᠤᠩ᠂ ᠳᠡᠳ᠋ ᠲᠡᠷᠢᠭᠦᠯᠡᠭᠴᠢ ᠵᠣᠣ | ᠬᠠᠶ ᠫᠢᠩ ᠨᠡᠷ ᠰᠢᠯᠢ ᠰᠢᠶᠠᠩ ᠤᠨ ᠮᠦᠷᠤᠭ᠍ᠴᠡᠭᠡ ᠶᠢᠨ ᠰᠦᠮ᠎ᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠦᠨᠳᠦᠰᠦᠲᠡᠨ ᠱᠠᠰᠢᠨ ᠰᠤᠷᠲᠠᠬᠤᠨ ᠪᠠ ᠰᠣᠶᠣᠯ ᠲᠡᠤᠬᠡ ᠶᠢᠨ ᠵᠥᠪᠯᠡᠯ ᠵᠢᠴᠢ ᠰᠢᠯᠢ | ᠰᠢᠶᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ | | ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠦᠷᠤᠭ᠍ᠴᠡᠭᠡ ᠶᠢᠨ | ᠰᠦᠮ᠎ᠡ ᠶᠢᠨ ᠪᠠᠭᠤᠷᠢ ᠶᠢ ᠪᠠᠶᠢᠴᠠᠭᠠᠨ ᠦᠵᠡᠵᠦ᠂ ᠰᠦᠮ᠎ᠡ ᠬᠡᠶᠢᠳ ᠤᠨ ᠲᠡᠦᠬᠡ ᠶᠢᠨ ᠤᠯᠠᠷᠢᠯ ᠬᠤᠪᠢᠰᠤᠯ᠂ | ᠬᠠᠮᠠᠭᠠᠯᠠᠵᠤ ᠰᠡᠯᠪᠢᠨ ᠵᠠᠰᠠᠭᠰᠠᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠯᠠᠪᠯᠠᠨ | ᠠᠰᠠᠭᠤᠪᠠ᠃ | ᠵᠠᠩ ᠬᠠᠢ ᠬᠤᠩ ᠵᠢᠭᠠᠵᠤ ᠭᠠᠷᠭᠠᠭᠰᠠᠨ ᠨᠢ᠂ ᠲᠡᠦᠬᠡ ᠰᠣᠶᠣᠯ ᠤᠨ ᠥᠪ ᠬᠥᠷᠥᠩᠭᠡ ᠪᠣᠯ ᠳᠠᠬᠢᠨ ᠡᠭᠦᠰᠴᠦ | ᠪᠣᠯᠤᠰᠢ ᠦᠭᠡᠢ ᠬᠤᠪᠣᠷ ᠨᠠᠨᠳᠢᠨ ᠡᠬᠢ ᠪᠠᠶᠠᠯᠢᠭ ᠮᠥᠨ᠂ ᠡᠳᠡᠭᠡᠷ ᠥᠪ ᠬᠥᠷᠥᠩᠭᠡ ᠶᠢ ᠰᠠᠶᠢᠲᠤᠷ ᠬᠠᠮᠠᠭᠠᠯᠠᠵᠤ᠂ | ᠰᠠᠶᠢᠲᠤᠷ ᠤᠯᠠᠮᠵᠢᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠰᠣᠶᠣᠯ ᠤᠨ ᠢᠲᠡᠭᠡᠯ ᠢᠶᠠᠨ | ᠪᠠᠲᠤᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠡᠦᠬᠡ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠬᠤᠯᠠ | ᠪᠠᠶᠢᠷᠢᠨ ᠳᠤ ᠲᠠᠯᠪᠢᠬᠤ ᠬᠡᠷᠡᠭᠲᠡᠢ︔ ᠰᠣᠶᠣᠯ ᠤᠨ ᠤᠯᠠᠮᠵᠢᠯᠠᠯ ᠢ ᠴᠢᠬᠤᠯᠠᠴᠢᠯᠠᠵᠤ᠂ ᠮᠦᠷᠤᠭ᠍ᠴᠡᠭᠡ ᠶᠢᠨ ᠰᠦᠮ᠎ᠡ ᠳᠤ | ᠠᠭᠤᠯᠤᠭᠳᠠᠵᠤ ᠪᠠᠶᠢᠭ᠎ᠠ ᠲᠡᠦᠬᠡ ᠰᠣᠶᠣᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠬᠤ ᠬᠡᠷᠡᠭᠲᠡᠶ︔ ᠰᠣᠶᠣᠯ | ᠲᠡᠦᠬᠡ ᠶᠢᠨ ᠵᠥᠪᠯᠡᠯ ᠨᠠᠷᠢᠨ ᠪᠣᠳᠠᠲᠠᠢ ᠲᠡᠦᠬᠡ ᠶᠢᠨ ᠲᠤᠯᠭᠤᠷ ᠪᠢᠴᠢᠭ ᠢ ᠪᠠᠶᠢᠴᠠᠭᠠᠨ ᠦᠵᠡᠬᠦ᠂ ᠰᠦᠢ ᠳ᠋ᠦᠩ ᠳᠤ | ᠠᠵᠢᠯᠯᠠᠬᠤ ᠪᠦᠯᠬᠦᠮ ᠤᠨ ︽ᠰᠦᠨᠢ ᠪᠠᠷ ᠮᠦᠷᠤᠭ᠍ᠴᠡᠭᠡ ᠶᠢᠨ ᠰᠦᠮ᠎ᠡ︾ ᠶᠢᠨ ᠪᠠᠶᠢᠯᠳᠤᠭᠠᠨ ᠢ ᠪᠡᠶ᠎ᠡ ᠪᠠᠷ ᠢᠶᠠᠨ | ᠥᠩᠭᠡᠷᠡᠭᠦᠯᠦᠭᠴᠢ ᠵᠢᠴᠢ ᠲᠡᠭᠦᠨ ᠤ ᠬᠤᠶᠢᠴᠢᠰ ᠢᠶᠠᠷ ᠰᠤᠷᠪᠤᠯᠵᠢᠯᠠᠵᠤ᠂ ᠲᠡᠳᠡᠨ ᠤ ᠠᠷᠤ ᠳᠠᠬᠢ ᠪᠠᠭᠠᠲᠤᠷᠯᠢᠭ | ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠮᠦᠷᠤᠭ᠍ᠴᠡᠭᠡ ᠶᠢᠨ ᠰᠦᠮ᠎ᠡ ᠶᠢᠨ ᠠᠴᠢᠶᠠᠯᠠᠭᠰᠠᠨ ᠬᠤᠪᠢᠰᠬᠠᠯ ᠢ | ᠲᠣᠳᠣᠷᠬᠠᠢ ᠢᠯᠡᠷᠡᠭᠦᠯᠬᠦ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠲᠣᠰ ᠠᠵᠢᠯ ᠤᠨ ᠠᠬᠢᠴᠠ ᠶᠢ | ᠦᠷᠭᠦᠯᠵᠢᠯᠡᠨ ᠠᠩᠬᠠᠷᠴᠤ᠂ ᠡᠯ᠎ᠡ ᠲᠠᠯ᠎ᠠ ᠶᠢᠨ ᠬᠦᠴᠦᠨ ᠢ ᠬᠤᠯᠪᠣᠭᠠᠯᠠᠨ᠂ ᠺᠷᠢᠮᠤᠨ ᠡᠷᠲᠡᠨ ᠤ ᠬᠤᠲᠠ᠂ | ᠴᠠᠭᠠᠨᠪᠤᠯᠠᠭ ᠡᠷᠲᠡᠨ ᠤ ᠬᠤᠲᠠ᠂ ᠪᠠ ᠬᠤᠣ ᠳ᠋ᠢ ᠬᠠᠳᠠᠨ ᠪᠢᠴᠢᠭ ᠤᠨ ᠬᠠᠳᠠᠨ ᠵᠢᠷᠤᠭ᠂ ᠬᠤᠩᠬᠢᠯᠲᠦ ᠶᠢᠨ | ᠳᠠᠶᠢᠯᠠᠯᠳᠤᠭᠠᠨ᠂ ᠠᠭᠤᠢ ᠶᠢᠨ ᠰᠦᠮ᠎ᠡ ᠵᠡᠷᠭᠡ ᠭᠠᠵᠠᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠲᠡᠦᠬᠡ ᠰᠣᠶᠣᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠦᠬᠡ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠪᠣᠷ ᠨᠠᠨᠳᠢᠨ ᠲᠡᠦᠬᠡ ᠰᠣᠶᠣᠯ ᠤᠨ ᠥᠪ ᠢ ᠰᠢᠨ᠎ᠡ | ᠴᠠᠭ ᠦᠶ᠎ᠡ ᠳᠤ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |