7000 ᠠᠮᠤᠷ ᠲᠦᠪᠰᠢᠨ ᠤ ᠭᠠᠷ ᠳᠡᠪᠲᠡᠷ 70 ᠲᠦᠮᠡᠨ ᠮᠦ ᠲᠠᠯᠠᠪᠠᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ︽ᠬᠠᠪᠤᠷ ᠤᠨ ᠲᠠᠷᠢᠶᠠᠯᠠᠭ᠎ᠠ ᠶᠢᠨ ᠬᠢᠷᠢ ᠪᠦᠲᠦᠮᠵᠢ ᠶᠢᠨ ᠬᠠᠭᠤᠳᠠᠰᠤ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/3/11
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠵᠣ ᠪᠠᠶᠢᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ︽ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠦᠵᠦᠭᠦᠷ ᠢᠶᠠᠷ ᠤᠬᠠᠭᠤᠯᠤᠨ ᠬᠥᠮᠦᠵᠢᠭᠦᠯᠬᠦ︾ ᠬᠤᠤᠰ ᠵᠠᠮ ᠤᠨ ᠵᠡᠷᠭᠡᠴᠡᠭᠡ ᠵᠠᠭᠪᠤᠷ ᠢᠶᠠᠷ ᠳᠠᠮᠵᠢᠭᠤᠯᠤᠨ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠪᠠᠶᠢᠨ᠎ᠠ᠃
  ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠵᠠᠩ ᠶᠤᠸᠠᠨ᠄ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠮᠥᠴᠡ ᠳᠤ᠂ ᠪᠢᠳᠡ ᠡᠨᠡ ᠤᠳᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠤᠶ᠎ᠠ︾ ᠭᠡᠵᠡᠶ᠃
   ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠭᠤᠣᠯ ᠠᠷᠭ᠎ᠠ ᠵᠠᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠬᠠᠤᠯᠢ ᠬᠡᠷᠡᠭᠵᠢᠭᠦᠯᠬᠦ ᠠᠵᠢᠯᠲᠠᠳ ᠬᠠᠷᠢᠶ᠎ᠠ ᠣᠷᠣᠨ ᠤ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠣᠣᠷ ᠴᠡᠭ ᠲᠤ ᠭᠦᠨᠵᠡᠭᠡᠶᠢᠷᠡᠵᠦ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠪᠦᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠪᠠ᠃ ᠦᠢᠯᠡᠳᠪᠦᠷᠢᠯᠡᠯ ᠤᠨ ᠬᠢᠷᠢ ᠬᠡᠮ ᠤᠨ ᠪᠢᠴᠢᠭ ᠮᠠᠲ᠋ᠧᠷᠢᠶᠠᠯ᠂ ᠲᠦᠭᠦᠬᠡᠶ ᠮᠠᠲ᠋ᠧᠷᠢᠶᠠᠯ ᠤᠨ ᠢᠷᠡᠯᠲᠡ ᠶᠢᠨ ᠲᠡᠮᠳᠡᠭᠯᠡᠯ᠂ ᠦᠢᠯᠡᠳᠬᠦᠨ ᠤ ᠪᠣᠭᠤᠳᠠᠯ ᠤᠨ ᠲᠡᠮᠳᠡᠭ ᠤᠨ ᠵᠢᠷᠤᠮᠵᠢᠯ ᠤᠨ ᠬᠡᠮᠵᠢᠶ᠎ᠡ ᠵᠢᠴᠢ ᠬᠥᠮᠥᠷᠭᠡ ᠶᠢᠨ ᠬᠠᠳᠠᠭᠠᠯᠠᠯᠲᠠ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠴᠠᠭᠠᠨ ᠰᠢᠯᠭᠠᠬᠤ ᠪᠠᠷ ᠳᠠᠮᠵᠢᠭᠤᠯᠤᠨ᠂ ︽ᠭᠤᠷᠪᠠᠨ ᠦᠨᠡᠮᠯᠡᠯ ᠨᠢᠭᠡ ᠪᠢᠯᠧᠲ︾ ᠤᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃
   ᠲᠠᠷᠢᠶᠠᠴᠢᠨ ᠡᠷᠦᠬᠡ ᠶᠢᠨ ᠬᠡᠷᠡᠭᠯᠡᠭᠡᠨ ᠤ ᠦᠵᠦᠭᠦᠷ ᠲᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠶᠡᠭᠡ ᠠᠩᠭᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤᠨ ᠤ ᠰᠢᠷᠡᠭᠡᠲᠦ ᠲᠣᠰᠬᠤᠨ ᠳᠤ ᠬᠦᠷᠴᠦ᠂ ᠠᠵᠢᠯᠲᠠᠳ ᠲᠠᠷᠢᠶᠠᠴᠢᠨ ᠲᠦᠮᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠢ ᠢᠯᠭᠠᠨ ᠲᠠᠨᠢᠬᠤ ᠮᠡᠳᠡᠯᠭᠡ ᠶᠢᠨ ᠭᠠᠷ ᠳᠡᠪᠲᠡᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠵᠡᠷᠭᠡ ᠮᠠᠲ᠋ᠧᠷᠢᠶᠠᠯ ᠢ ᠲᠠᠷᠬᠠᠭᠠᠵᠤ᠂ ᠲᠠᠷᠢᠶᠠᠴᠢᠳ ᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠢ ᠴᠠᠭ ᠢᠮᠠᠭᠲᠠ ᠠᠩᠬᠠᠷᠴᠤ ᠪᠠᠶᠢᠨ᠎ᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠠᠵᠢᠯᠯᠠᠭ᠎ᠠ ᠬᠠᠪᠤᠷ ᠤᠨ ᠲᠠᠷᠢᠶᠠᠯᠠᠭ᠎ᠠ ᠳᠠᠭᠤᠰᠬᠤ ᠪᠣᠯᠲᠠᠯ᠎ᠠ ᠦᠷᠭᠦᠯᠵᠢᠯᠡᠵᠦ᠂ ᠣᠳᠣᠬᠠᠨ ᠳᠤ ᠨᠢᠭᠡᠨᠲᠡ 23 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠵᠤ᠂ 7000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠲᠣᠤᠷ ᠰᠦᠯᠵᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠵᠤ᠂ ᠪᠥᠬᠦ ᠬᠤᠰᠢᠭᠤᠨ ᠤ 70 ᠲᠦᠮᠡᠨ ᠮᠥ ᠲᠠᠷᠢᠶᠠᠨ ᠭᠠᠵᠠᠷ ᠲᠤ ︽ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠪᠣᠷᠲᠣᠭᠤᠷ᠂ ᠠᠮᠤᠷ ᠲᠦᠪᠰᠢᠨ ᠡᠮ︾ ᠬᠡᠷᠡᠭᠯᠡᠬᠦ ᠶᠢ ᠪᠠᠲᠤᠯᠠᠪᠠ᠃                             ᠵᠣᠬᠢᠶᠠᠭᠴᠢ᠄ ᠹᠧᠩ ᠯᠢ ᠶᠤᠸᠠᠨ᠂ ᠹᠠᠨ ᠵᠢᠶᠠ ᠸᠧᠨ                             ᠤᠷᠴᠢᠭᠤᠯᠤᠭᠴᠢ᠄ ᠡᠷᠳᠡᠨᠢᠴᠢᠮᠡᠭ                             ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号