ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠵᠣ | ᠪᠠᠶᠢᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ | ︽ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠦᠵᠦᠭᠦᠷ ᠢᠶᠠᠷ ᠤᠬᠠᠭᠤᠯᠤᠨ ᠬᠥᠮᠦᠵᠢᠭᠦᠯᠬᠦ︾ ᠬᠤᠤᠰ | ᠵᠠᠮ ᠤᠨ ᠵᠡᠷᠭᠡᠴᠡᠭᠡ ᠵᠠᠭᠪᠤᠷ ᠢᠶᠠᠷ ᠳᠠᠮᠵᠢᠭᠤᠯᠤᠨ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠳᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠪᠠᠶᠢᠨ᠎ᠠ᠃ | | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠶᠢᠨ ᠳᠠᠷᠤᠭ᠎ᠠ ᠵᠠᠩ ᠶᠤᠸᠠᠨ᠄ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ | ᠮᠥᠴᠡ ᠳᠤ᠂ ᠪᠢᠳᠡ ᠡᠨᠡ ᠤᠳᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠤᠨ | ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠮᠠᠯ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠤᠶ᠎ᠠ︾ ᠭᠡᠵᠡᠶ᠃ | | | | | | | | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠭᠤᠣᠯ ᠠᠷᠭ᠎ᠠ ᠵᠠᠮ ᠤᠨ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ᠂ ᠬᠠᠤᠯᠢ ᠬᠡᠷᠡᠭᠵᠢᠭᠦᠯᠬᠦ ᠠᠵᠢᠯᠲᠠᠳ ᠬᠠᠷᠢᠶ᠎ᠠ ᠣᠷᠣᠨ ᠤ ᠡᠯ᠎ᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠣᠣᠷ ᠴᠡᠭ ᠲᠤ ᠭᠦᠨᠵᠡᠭᠡᠶᠢᠷᠡᠵᠦ᠂ ᠦᠷ᠎ᠡ᠂ ᠬᠢᠮᠢ ᠶᠢᠨ | ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠪᠦᠬᠦ | ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠪᠠ᠃ | ᠦᠢᠯᠡᠳᠪᠦᠷᠢᠯᠡᠯ ᠤᠨ ᠬᠢᠷᠢ ᠬᠡᠮ ᠤᠨ ᠪᠢᠴᠢᠭ ᠮᠠᠲ᠋ᠧᠷᠢᠶᠠᠯ᠂ ᠲᠦᠭᠦᠬᠡᠶ ᠮᠠᠲ᠋ᠧᠷᠢᠶᠠᠯ ᠤᠨ ᠢᠷᠡᠯᠲᠡ ᠶᠢᠨ ᠲᠡᠮᠳᠡᠭᠯᠡᠯ᠂ | ᠦᠢᠯᠡᠳᠬᠦᠨ ᠤ ᠪᠣᠭᠤᠳᠠᠯ ᠤᠨ ᠲᠡᠮᠳᠡᠭ ᠤᠨ ᠵᠢᠷᠤᠮᠵᠢᠯ ᠤᠨ ᠬᠡᠮᠵᠢᠶ᠎ᠡ ᠵᠢᠴᠢ ᠬᠥᠮᠥᠷᠭᠡ ᠶᠢᠨ ᠬᠠᠳᠠᠭᠠᠯᠠᠯᠲᠠ ᠶᠢᠨ | ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠴᠠᠭᠠᠨ ᠰᠢᠯᠭᠠᠬᠤ ᠪᠠᠷ ᠳᠠᠮᠵᠢᠭᠤᠯᠤᠨ᠂ ︽ᠭᠤᠷᠪᠠᠨ ᠦᠨᠡᠮᠯᠡᠯ ᠨᠢᠭᠡ | ᠪᠢᠯᠧᠲ︾ ᠤᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃ | | | | | | | | ᠲᠠᠷᠢᠶᠠᠴᠢᠨ ᠡᠷᠦᠬᠡ ᠶᠢᠨ ᠬᠡᠷᠡᠭᠯᠡᠭᠡᠨ ᠤ ᠦᠵᠦᠭᠦᠷ ᠲᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠶᠡᠭᠡ ᠠᠩᠭᠢ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤᠨ ᠤ ᠰᠢᠷᠡᠭᠡᠲᠦ ᠲᠣᠰᠬᠤᠨ ᠳᠤ ᠬᠦᠷᠴᠦ᠂ | ᠠᠵᠢᠯᠲᠠᠳ ᠲᠠᠷᠢᠶᠠᠴᠢᠨ ᠲᠦᠮᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠢ ᠢᠯᠭᠠᠨ | ᠲᠠᠨᠢᠬᠤ ᠮᠡᠳᠡᠯᠭᠡ ᠶᠢᠨ ᠭᠠᠷ ᠳᠡᠪᠲᠡᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ | ᠵᠡᠷᠭᠡ ᠮᠠᠲ᠋ᠧᠷᠢᠶᠠᠯ ᠢ ᠲᠠᠷᠬᠠᠭᠠᠵᠤ᠂ ᠲᠠᠷᠢᠶᠠᠴᠢᠳ ᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠴᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠢ ᠴᠠᠭ ᠢᠮᠠᠭᠲᠠ ᠠᠩᠬᠠᠷᠴᠤ ᠪᠠᠶᠢᠨ᠎ᠠ᠃ | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠠᠵᠢᠯᠯᠠᠭ᠎ᠠ ᠬᠠᠪᠤᠷ ᠤᠨ ᠲᠠᠷᠢᠶᠠᠯᠠᠭ᠎ᠠ ᠳᠠᠭᠤᠰᠬᠤ | ᠪᠣᠯᠲᠠᠯ᠎ᠠ ᠦᠷᠭᠦᠯᠵᠢᠯᠡᠵᠦ᠂ ᠣᠳᠣᠬᠠᠨ ᠳᠤ ᠨᠢᠭᠡᠨᠲᠡ 23 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠵᠤ᠂ 7000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠪᠠ᠃ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠲᠣᠤᠷ ᠰᠦᠯᠵᠢᠶ᠎ᠡ ᠶᠢ ᠪᠠᠶᠢᠭᠤᠯᠬᠤ ᠪᠠᠷ | ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ | ᠬᠦ ᠬᠠᠮᠠᠭᠠᠯᠠᠵᠤ᠂ ᠪᠥᠬᠦ ᠬᠤᠰᠢᠭᠤᠨ ᠤ 70 ᠲᠦᠮᠡᠨ ᠮᠥ ᠲᠠᠷᠢᠶᠠᠨ ᠭᠠᠵᠠᠷ ᠲᠤ ︽ᠰᠠᠨᠠᠭ᠎ᠠ ᠠᠮᠤᠷ ᠳᠠᠷᠢᠬᠤ᠂ | ᠰᠠᠨᠠᠭ᠎ᠠ ᠠᠮᠤᠷ ᠪᠣᠷᠲᠣᠭᠤᠷ᠂ ᠠᠮᠤᠷ ᠲᠦᠪᠰᠢᠨ ᠡᠮ︾ ᠬᠡᠷᠡᠭᠯᠡᠬᠦ ᠶᠢ ᠪᠠᠲᠤᠯᠠᠪᠠ᠃ | | | ᠵᠣᠬᠢᠶᠠᠭᠴᠢ᠄ ᠹᠧᠩ ᠯᠢ ᠶᠤᠸᠠᠨ᠂ ᠹᠠᠨ ᠵᠢᠶᠠ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |