ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ ᠮᠠᠯ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/11
   ᠡᠪᠦᠯ ᠬᠠᠪᠤᠷ ᠤᠨ ᠡᠭᠡᠯᠵᠢᠨ ᠤ ᠬᠤᠭᠤᠴᠠᠭᠠᠨ ᠳᠠᠬᠢ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠠᠶᠤᠯ ᠲᠦᠭᠰᠢᠭᠦᠷᠢ ᠳᠤ ᠴᠢᠭᠯᠡᠭᠦᠯᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ᠂ ᠣᠶᠢᠷ᠎ᠠ ᠳᠤ ︽ᠮᠠᠯ ᠤᠨᠤᠭ᠎ᠠ ᠶᠢ ᠬᠠᠮᠠᠭᠠᠯᠠᠬᠤ ᠠᠮᠤᠭᠤᠯᠠᠩ 2024︾ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ ︽ᠬᠢᠨᠠᠨ ᠬᠠᠮᠢᠶᠠᠷᠴᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠰᠡᠷᠡᠮᠵᠢᠯᠡᠭᠦᠯᠬᠦ︾ ᠭᠤᠷᠪᠠᠨ ᠬᠠᠮᠠᠭᠠᠯᠠᠯᠲᠠ ᠶᠢᠨ ᠵᠠᠭᠪᠤᠷ ᠢᠶᠠᠷ ᠳᠠᠮᠵᠢᠭᠤᠯᠤᠨ᠂ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠭᠦᠯᠪᠡ᠃
   ᠮᠠᠯ ᠤᠨ ᠡᠮ ᠤᠨ ᠭᠦᠢᠯᠭᠡᠭᠡᠨ ᠤ ᠬᠦᠷᠢᠶ᠎ᠡ ᠴᠠᠷᠠᠭ᠎ᠠ ᠳᠤ᠂ ᠬᠤᠰᠢᠭᠤᠨ ᠤ ᠬᠡᠪᠴᠢᠶᠡᠨ ᠳᠣᠲᠣᠷᠠᠬᠢ ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ ᠲᠤ ᠵᠢᠭᠰᠠᠭᠠᠨ ᠪᠠᠶᠢᠴᠠᠭᠠᠯᠲᠠ ᠬᠢᠵᠦ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠬᠠᠳᠠᠭᠠᠯᠠᠨ ᠲᠡᠭᠡᠭᠡᠪᠦᠷᠢᠯᠡᠭᠰᠡᠨ ᠲᠡᠮᠳᠡᠭᠯᠡᠯ᠂ ᠵᠣᠷ ᠤᠨ ᠡᠮ ᠤᠨ ᠪᠣᠷᠣᠯᠠᠭᠤᠯᠭ᠎ᠠ ᠶᠢᠨ ᠡᠬᠡ ᠲᠠᠩᠰᠠ ᠵᠢᠴᠢ ᠬᠤᠶᠠᠷ ᠬᠡᠮᠵᠢᠯᠳᠦ ᠺᠣᠳ᠋ ᠤᠨ ᠮᠥᠷᠳᠡᠨ ᠤᠬᠤᠴᠢᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠨ᠎ᠠ᠃
   ᠪᠷᠦ᠋ᠼᠧᠯ ᠡᠪᠡᠳᠴᠢᠨ ᠵᠡᠷᠭᠡ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠵᠦ᠂ ᠠᠵᠢᠯᠲᠠᠳ ᠪᠷᠦ᠋ᠼᠧᠯ ᠡᠪᠡᠳᠴᠢᠨ ᠠᠴᠠ ᠪᠣᠯᠤᠭᠰᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠤᠤᠷ ᠬᠥᠨᠥᠭᠡᠯ᠂ ᠪᠷᠦ᠋ᠼᠧᠯ ᠡᠪᠡᠳᠴᠢᠨ ᠡᠭᠦᠰᠭᠡᠵᠦ ᠮᠡᠳᠡᠬᠦ ᠰᠢᠯᠲᠠᠭᠠᠨ᠂ ᠪᠷᠦ᠋ᠼᠧᠯ ᠡᠪᠡᠳᠴᠢᠨ ᠬᠠᠯᠳᠠᠪᠤᠷᠢᠯᠠᠬᠤ᠂ ᠪᠣᠭᠤᠷᠰᠤᠭ ᠲᠣᠰᠬᠤ ᠵᠡᠷᠭᠡ ᠲᠡᠵᠢᠭᠡᠨ ᠦᠷᠡᠵᠢᠭᠦᠯᠬᠦ ᠶᠠᠪᠤᠴᠠ ᠳᠤ ᠠᠩᠬᠠᠷᠬᠤ ᠵᠦᠢᠯ ᠤᠳ ᠢ ᠬᠡᠷᠬᠢᠨ ᠲᠡᠵᠢᠭᠡᠨ ᠦᠷᠡᠵᠢᠭᠦᠯᠬᠦ ᠡᠷᠦᠬᠡ ᠳᠤ ᠤᠬᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠪᠷᠦ᠋ᠼᠧᠯ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠪᠠ᠃
   ᠣᠳᠣᠬᠠᠨ ᠤ ᠲᠣᠷᠣᠢ ᠶᠢ ᠰᠢᠯᠵᠢᠭᠦᠯᠦᠨ ᠵᠥᠭᠡᠭᠡᠪᠦᠷᠢᠯᠡᠬᠦ ᠣᠷᠭᠢᠯ ᠤᠨ ᠬᠤᠭᠤᠴᠠᠭᠠᠨ ᠳᠤ᠂ ᠭᠠᠳᠠᠷ ᠣᠷᠣᠨ ᠤ ᠲᠣᠷᠣᠢ ᠶᠢ ᠰᠢᠯᠵᠢᠭᠦᠯᠦᠨ ᠣᠷᠣᠭᠤᠯᠬᠤ ᠶᠠᠪᠤᠳᠠᠯ ᠣᠯᠠᠰᠢᠷᠠᠵᠤ᠂ ᠪᠠᠭ᠎ᠠ ᠰᠠᠭ᠎ᠠ ᠪᠣᠯᠭᠤᠮᠵᠢ ᠦᠭᠡᠢ ᠪᠠᠶᠢᠳᠠᠯ ᠭᠠᠷᠳᠠᠭ᠂ ᠠᠵᠢᠯᠲᠠᠳ ᠲᠡᠵᠢᠭᠡᠨ ᠦᠷᠡᠵᠢᠭᠦᠯᠬᠦ ᠡᠷᠦᠬᠡ ᠳᠤ ︽ᠠᠮᠤᠷ ᠲᠦᠪᠰᠢᠨ ᠢᠶᠠᠷ ᠦᠷ᠎ᠡ ᠣᠷᠣᠭᠤᠯᠬᠤ ᠵᠦᠭᠯᠡᠭᠦᠷ︾ ᠢ ᠲᠠᠷᠬᠠᠭᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠠᠯᠢ ᠴᠢᠳᠠᠬᠤ ᠪᠠᠷ ᠲᠣᠰ ᠭᠠᠵᠠᠷ ᠤᠨ ᠲᠣᠷᠭᠠᠨ᠎ᠠ ᠬᠤᠳᠠᠯᠳᠤᠨ ᠠᠪᠬᠤ ᠠᠴᠠ ᠵᠠᠶᠢᠯᠠᠰᠬᠢᠵᠦ᠂ ᠭᠠᠳᠠᠷ ᠣᠷᠣᠨ ᠤ ᠲᠣᠷᠣᠢ ᠶᠢ ᠬᠤᠳᠠᠯᠳᠤᠨ ᠠᠪᠬᠤ ᠠᠴᠠ ᠵᠠᠶᠢᠯᠠᠰᠬᠢᠵᠦ᠂ ︽ᠬᠤᠶᠠᠷ ᠢ ᠪᠠᠶᠢᠴᠠᠭᠠᠬᠤ ᠬᠤᠶᠠᠷ ᠢ ᠦᠯᠦ ᠪᠠᠶᠢᠴᠠᠭᠠᠬᠤ︾ ᠵᠠᠷᠴᠢᠮ ᠢ ᠲᠣᠳᠣᠷᠬᠠᠶᠢᠯᠠᠪᠠ᠄ ᠦᠯᠦ ᠬᠠᠯᠳᠠᠭᠠᠬᠤ ᠴᠢᠬᠢᠨ ᠲᠡᠮᠳᠡᠭ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠪᠠᠶᠢᠴᠠᠭᠠᠵᠤ᠂ ᠦᠨᠡᠮᠯᠡᠯ ᠦᠭᠡᠢ ᠲᠤᠷᠤᠭ ᠭᠠᠭ᠋ᠠᠢ᠂ ᠢᠷᠡᠯᠲᠡ ᠦᠭᠡᠢ ᠢᠷᠡᠯᠲᠡ ᠦᠭᠡᠢ ᠲᠡᠭᠡᠭᠡᠪᠦᠷᠢ ᠶᠢᠨ ᠲᠡᠷᠭᠡ ᠬᠥᠰᠬᠡ ᠶᠢ ᠬᠤᠳᠠᠯᠳᠤᠨ ᠠᠪᠬᠤ ᠦᠭᠡᠢ᠂ ᠬᠠᠤᠯᠢ ᠪᠤᠰᠤ ᠪᠠᠷ ᠫᠠᠨᠽᠠᠯᠠᠨ ᠵᠥᠭᠡᠭᠡᠪᠦᠷᠢᠯᠡᠬᠦ ᠳᠤ ᠴᠢᠩᠭ᠎ᠠ ᠴᠣᠬᠢᠯᠲᠠ ᠥᠭᠴᠦ᠂ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠦᠨᠡᠨᠬᠦ ᠪᠠᠲᠤᠯᠠᠪᠠ᠃                          ᠵᠣᠬᠢᠶᠠᠭᠴᠢ᠄ ᠹᠧᠩ ᠯᠢ ᠶᠤᠸᠠᠨ᠂ ᠹᠠᠨ ᠵᠢᠶᠠ ᠸᠧᠨ                          ᠤᠷᠴᠢᠭᠤᠯᠤᠭᠴᠢ᠄ ᠰᠤᠷᠤᠨ᠎ᠠ                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号