3 ᠰᠠᠷ᠎ᠠ ᠶᠢᠨ 12 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠰᠠᠨᠠᠭᠤᠯᠭ᠎ᠠ᠂ ᠳᠤᠷᠠᠳᠤᠯᠭ᠎ᠠ ᠶᠢ ᠲᠥᠪᠯᠡᠷᠡᠭᠦᠯᠦᠨ ᠲᠤᠰᠢᠶᠠᠨ ᠰᠢᠢᠳᠪᠦᠷᠢᠯᠡᠭᠦᠯᠬᠦ ᠬᠤᠷᠠᠯ ᠬᠢᠪᠡ | ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ | ᠠᠯᠪᠠᠨ ᠬᠡᠷ ᠤᠨ ᠡᠷᠬᠢᠯᠡᠭᠴᠢ ᠯᠢᠦ ᠸᠧᠨ ᠾᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠸᠠᠩ ᠬᠤᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠹᠠᠩ᠂ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠷᠠᠯ ᠠᠴᠠ 2024 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠳᠤᠷᠠᠳᠤᠯᠭ᠎ᠠ ᠪᠠ | ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠢᠴᠢ 2025 ᠣᠨ ᠤ ᠭᠥᠯᠢᠶᠡᠨ ᠠᠪᠤᠭᠰᠠᠨ ᠪᠠᠶᠢᠳᠠᠯ ᠢ ᠵᠠᠷᠯᠠᠨ | ᠮᠡᠳᠡᠭᠳᠡᠭᠰᠡᠨ ᠪᠥᠭᠡᠳ ᠲᠥᠯᠥᠭᠡᠯᠡᠭᠴᠢ ᠭᠡᠰᠢᠭᠦᠳ ᠤᠨ ᠪᠠᠶᠢᠩᠭᠤ ᠶᠢᠨ ᠴᠢᠨᠠᠷᠲᠠᠶ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠂ ᠰᠠᠨᠠᠭᠤᠯᠭ᠎ᠠ᠂ | ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠯᠢᠦ ᠸᠧᠨ ᠾᠦᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ | ᠭᠦᠢᠴᠡᠳ ᠲᠠᠨᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ | ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠬᠤᠯᠠᠴᠢᠯᠠᠵᠤ᠂ ᠰᠠᠨᠠᠭᠤᠯᠭ᠎ᠠ᠂ ᠰᠠᠨᠠᠯ | ᠳᠤᠷᠠᠳᠤᠯᠭ᠎ᠠ ᠶᠢᠨ ᠳᠤᠮᠳᠠᠬᠢ ᠰᠠᠶᠢᠨ ᠰᠡᠳᠬᠢᠴᠡ ᠶᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ | ᠬᠡᠷᠡᠭᠲᠡᠢ᠃ ᠰᠢᠢᠳᠪᠦᠷᠢᠯᠡᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ | ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠢᠭᠡ ᠬᠤᠪᠢ ᠬᠠᠷᠢᠭᠤᠯᠲᠠ ᠥᠭᠴᠦ᠂ ᠨᠢᠭᠡ ᠬᠤᠪᠢ | ᠰᠡᠳᠬᠢᠯ ᠬᠠᠨᠤᠮᠵᠢᠲᠠᠶ ᠪᠠᠶᠢᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠡᠢ᠃ | ᠯᠢᠦ ᠸᠧᠨ ᠾᠦᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠢᠨ ᠰᠢᠢᠳᠪᠦᠷᠢᠯᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠷ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠢᠳᠪᠦᠷᠢᠯᠡᠬᠦ ᠠᠵᠢᠯ ᠤᠨ ᠤᠬᠠᠮᠰᠠᠷᠲᠤ ᠴᠢᠨᠠᠷ ᠪᠠ | ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠎ᠠ᠃ ᠱᠠᠭᠠᠷᠳᠠᠯᠭ᠎ᠠ ᠶᠣᠰᠣᠭᠠᠷ ᠲᠤᠰᠢᠶᠠᠭᠰᠠᠨ | ᠬᠡᠷᠡᠭ ᠢ ᠨᠢᠭᠡᠳ ᠨᠢᠭᠡ ᠪᠠᠷ ᠲᠣᠭᠠᠯᠠᠨ ᠪᠦᠷᠢᠳᠬᠡᠵᠦ᠂ ᠬᠠᠷᠭᠤᠭᠤᠯᠵᠤ᠂ ᠵᠠᠳᠠᠯᠵᠤ᠂ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ | ᠪᠦᠬᠦᠨ ᠳᠤ ᠬᠠᠷᠢᠭᠤᠯᠲᠠ ᠥᠭᠬᠦ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | | | | | ᠵᠣᠬᠢᠶᠠᠭᠴᠢ᠄ ᠪᠦᠦ ᠯᠦᠩ | ᠴᠢᠮᠡᠭᠡᠯᠡᠭᠴᠢ᠄ ᠰᠤᠯᠤᠩᠭ᠎ᠠ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |