ᠵᠣᠣ ᠵᠧᠨ ᠯᠢ᠂ ᠸᠠᠩ ᠵᠢᠶᠠᠩ ᠨᠠᠷ ᠳ᠋ᠡ ᠹᠧᠩ ᠴᠧ ᠬᠡᠤᠬᠡᠳ ᠤᠨ ᠴᠡᠴᠡᠷᠯᠢᠭ ᠤᠨ ᠵᠠᠩ ᠰᠤᠷᠳᠠᠯ ᠤᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/13
   ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠧᠨ ᠯᠢ᠂ ᠸᠠᠩ ᠵᠢᠶᠠᠩ ᠳ᠋ᠡ ᠹᠧᠩ ᠴᠧ ᠬᠡᠤᠬᠡᠳ ᠤᠨ ᠴᠡᠴᠡᠷᠯᠢᠭ ᠤᠨ ᠵᠠᠩ ᠰᠤᠷᠲᠠᠯ ᠤᠨ ᠰᠤᠷᠭᠠᠭᠤᠯᠢ ᠶᠢᠨ ᠲᠣᠭᠤᠷᠢᠭ ᠲᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠢᠳᠡᠭᠡᠨ ᠤ ᠮᠠᠲ᠋ᠧᠷᠢᠶᠠᠯ ᠢ ᠬᠠᠳᠠᠭᠠᠯᠠᠬᠤ ᠲᠣᠭᠤᠷᠢᠭ᠂ ᠢᠳᠡᠭᠡᠨ ᠤ ᠮᠠᠲ᠋ᠧᠷᠢᠶᠠᠯ ᠢ ᠬᠡᠷᠴᠢᠨ ᠲᠤᠬᠢᠷᠠᠭᠤᠯᠬᠤ ᠲᠣᠭᠤᠷᠢᠭ᠂ ᠬᠠᠭᠤᠷᠤᠯᠭ᠎ᠠ ᠶᠢᠨ ᠠᠵᠢᠯᠯᠠᠬᠤ ᠲᠣᠭᠤᠷᠢᠭ᠂ ᠰᠤᠷᠤᠭᠴᠢᠳ ᠤᠨ ᠬᠤᠭᠤᠯᠠᠨ ᠬᠡᠷ ᠵᠡᠷᠭᠡ ᠭᠠᠵᠠᠷ ᠢᠶᠠᠷ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠡᠵᠡᠩᠨᠡᠯᠲᠡ ᠬᠠᠮᠢᠶᠠᠷᠤᠯᠲᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠭᠦᠢᠴᠡᠳ ᠨᠤᠲᠠᠯᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠥᠬᠡᠶ᠃ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠭᠤᠯᠠᠨ ᠭᠡᠷ ᠤᠨ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠢ ᠡᠳ᠋ᠰᠢᠭᠦᠯᠦᠨ ᠦᠢᠯᠡᠳᠬᠦ ᠶᠠᠪᠤᠴᠠ ᠶᠢ ᠵᠢᠷᠤᠮᠵᠢᠭᠤᠯᠵᠤ᠂ ᠢᠳᠡᠭᠡᠨ ᠤ ᠠᠵᠢᠯ ᠡᠷᠬᠢᠯᠡᠭᠰᠡᠳ ᠤᠨ ᠪᠣᠯᠪᠠᠰᠤᠷᠠᠯ ᠪᠣᠯᠤᠨ ᠬᠢᠨᠠᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠲᠦᠮᠵᠢᠲᠡᠶ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃
   ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠢᠳᠡᠭᠡᠨ ᠬᠤᠳᠠᠯᠳᠤᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠬᠠᠮᠲᠤ ᠬᠤᠭᠤᠯᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠮ᠎ᠡ ᠲᠡᠵᠢᠭᠡᠯ ᠤᠨ ᠬᠤᠭᠤᠯᠠᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠩᠭᠤᠵᠢᠭᠤᠯᠤᠨ ᠬᠢᠨᠠᠨ ᠵᠢᠯᠣᠭᠤᠳᠴᠤ ᠪᠠᠶᠢᠴᠠᠭᠠᠬᠤ ᠶᠢ ᠪᠠᠷᠢᠮᠲᠠᠯᠠᠨ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠪᠠᠯᠠ ᠮᠥᠩᠭᠦ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠬᠤᠭᠤᠯᠠᠨ ᠬᠡᠷ ᠤᠨ ᠡᠳ᠋ ᠤᠨ ᠶᠠᠪᠤᠳᠠᠯ ᠤᠨ ᠲᠠᠩᠰᠠᠨ ᠡᠷᠦᠬᠡ ᠶᠢᠨ ᠬᠠᠮᠢᠶᠠᠷᠤᠯᠲᠠ ᠪᠠ ᠵᠠᠷᠤᠯᠭ᠎ᠠ ᠶᠢ ᠬᠢᠨᠠᠨ ᠬᠠᠷᠭᠤᠭᠤᠯᠬᠤ ᠶᠢ ᠴᠢᠩᠳᠠᠯᠠᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠭᠠᠭᠤᠯᠢ ᠶᠢᠨ ᠬᠤᠭᠤᠯᠠᠨ ᠬᠡᠷ ᠤᠨ ᠬᠠᠮᠢᠶᠠᠷᠤᠯᠲᠠ ᠶᠢᠨ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠪᠠᠯᠠ ᠮᠥᠩᠭᠦ ᠬᠡᠷᠡᠭᠯᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠨ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠤᠭᠤᠯᠠᠨ ᠬᠡᠷ ᠤᠨ ᠵᠠᠷᠤᠵᠣ ᠪᠠᠶᠢᠭ᠎ᠠ ᠵᠣᠭᠤᠰ ᠨᠢᠭᠡᠪᠦᠷᠢ  ᠴᠦᠮ ᠰᠣᠷᠣᠭᠴᠢ ᠶᠢᠨ ᠢᠳᠡᠭᠡᠨ ᠳᠤ ᠭᠦᠷᠴᠦ ᠪᠠᠶᠢᠬᠤ ᠶᠢ ᠦᠨᠡᠨ ᠬᠦ ᠪᠠᠲᠤᠯᠠᠵᠤ᠂ ᠬᠡᠷ ᠤᠨ ᠠᠬᠠᠮᠠᠳ ᠰᠤᠷᠤᠭᠴᠢᠳ ᠢ ᠰᠠᠨᠠᠭ᠎ᠠ ᠠᠮᠤᠷ ᠰᠡᠳᠬᠢᠯ ᠬᠠᠨᠤᠮᠵᠢᠲᠠᠶ ᠪᠣᠯᠭᠠᠨ᠎ᠠ᠃                              ᠵᠣᠬᠢᠶᠠᠭᠴᠢ᠄ ᠡᠬᠡ ᠪᠢᠴᠢᠭ ᠬᠠᠩᠭᠠᠭᠴᠢ᠄ ᠸᠠᠩ ᠰᠢᠶᠤᠤ ᠢᠦᠶ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号