ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠡᠷᠡᠭ ᠤᠨ ᠡᠪᠬᠡᠮᠡᠯ ᠢ ᠵᠢᠷᠤᠮᠵᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 3 ᠰᠠᠷ᠎ᠠ ᠶᠢᠨ 12 ᠤᠨ ᠡᠳᠦᠷ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ | ᠲᠥᠪᠯᠡᠷᠡᠭᠦᠯᠦᠨ ᠦᠨᠡᠯᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | | ᠲᠣᠰ ᠤᠳᠠᠭᠠᠨ ᠤ ᠦᠨᠡᠯᠡᠨ ᠪᠠᠶᠢᠴᠠᠭᠠᠬᠤ ᠠᠵᠢᠯ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢᠭᠡᠴᠡ ᠶᠢᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ | ᠠᠵᠢᠯ ᠤᠨ ᠭᠤᠤᠯᠯᠠᠭᠴᠢ ᠬᠦᠴᠦᠨ ᠢ ᠤᠷᠢᠵᠤ᠂ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠵᠣᠬᠢᠴᠠᠭᠤᠯᠤᠨ ᠬᠢᠨᠠᠯᠲᠠ ᠲᠠᠯᠪᠢᠬᠤ ᠠᠯᠪᠠᠨ ᠬᠡᠷ ᠤᠨ ᠠᠵᠢᠯᠲᠠᠨ᠂ ᠬᠠᠤᠯᠢ ᠴᠠᠭᠠᠵᠠ ᠶᠢᠨ ᠶᠠᠮᠤᠨ ᠤ ︽ᠵᠠᠯᠠᠭᠤ | ᠬᠠᠤᠯᠢᠴᠢ ᠶᠢᠨ ᠪᠠᠷᠠᠭᠤᠨ ᠣᠷᠣᠨ ᠤ ᠪᠣᠯᠪᠠᠰᠤᠷᠠᠯ ᠤᠨ ᠲᠥᠯᠥᠪᠯᠡᠭᠡ︾ ᠳᠤ ᠬᠠᠤᠯᠢᠴᠢ ᠲᠣᠮᠢᠯᠠᠨ ᠰᠠᠭᠤᠯᠭᠠᠭᠰᠠᠨ | ᠬᠠᠤᠯᠢᠴᠢ ᠯᠤᠭ᠎ᠠ ᠬᠠᠮᠲᠤ ᠪᠠᠷ ᠦᠨᠡᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠨᠡᠶᠢᠲᠡ 48 ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠪᠠ᠃ ᠬᠡᠷᠡᠭ ᠤᠨ ᠡᠪᠬᠡᠮᠡᠯ ᠤᠨ ᠠᠮᠢ ᠠᠬᠤᠢ ᠶᠢᠨ ᠣᠷᠴᠢᠨ ᠲᠣᠭᠤᠷᠢᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠰᠣᠶᠣᠯ ᠵᠢᠭᠤᠯᠴᠢᠯᠠᠯ᠂ ᠰᠤᠮᠤ ᠰᠢᠶᠠᠩ ᠪᠠᠯᠭᠠᠰᠤ ᠵᠡᠷᠭᠡ ᠬᠠᠤᠯᠢ ᠬᠡᠷᠡᠭᠵᠢᠭᠦᠯᠬᠦ ᠬᠦᠷᠢᠶ᠎ᠡ | ᠴᠠᠷᠠᠭ᠎ᠠ ᠳᠤ ᠬᠤᠯᠪᠣᠭᠳᠠᠪᠠᠯ᠂ ︽ᠨᠢᠭᠡ ᠬᠡᠷᠡᠭ ᠢ ᠨᠢᠭᠡ ᠦᠨᠡᠯᠡᠵᠤ ᠰᠣᠯᠪᠢᠴᠠᠨ ᠦᠨᠡᠯᠡᠨ ᠶᠠᠷᠢᠯᠴᠠᠵᠤ ᠬᠠᠷᠢᠯᠴᠠᠨ | ᠰᠣᠯᠢᠯᠴᠠᠬᠤ︾ ᠠᠷᠭ᠎ᠠ ᠮᠠᠶ᠋ᠢᠭ ᠢ ᠠᠪᠴᠤ᠂ ᠬᠡᠷᠡᠭ ᠤᠨ ᠡᠪᠬᠡᠮᠡᠯ ᠤᠨ ᠬᠠᠤᠯᠢ ᠶᠣᠰᠣᠴᠢ ᠴᠢᠨᠠᠷ᠂ ᠵᠢᠷᠤᠮᠵᠢᠯ ᠤᠨ | ᠴᠢᠨᠠᠷ᠂ ᠪᠦᠷᠢᠨ ᠪᠦᠲᠦᠨ ᠴᠢᠨᠠᠷ ᠵᠢᠴᠢ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠤᠨ ᠲᠣᠭᠲᠠᠭᠠᠯ ᠳᠤ ᠨᠡᠶᠢᠴᠡᠬᠦ | ᠴᠢᠨᠠᠷ ᠢᠶᠠᠷ ᠭᠤᠤᠯᠳᠠᠯᠭ᠎ᠠ ᠪᠣᠯᠭᠠᠨ᠂ ᠦᠨᠡᠯᠡᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠡᠷᠡᠭ ᠳᠠᠷᠠᠭᠠᠯᠠᠨ | ᠬᠤᠪᠢ ᠥᠭᠬᠦ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠢ ᠲᠡᠮᠳᠡᠭᠯᠡᠬᠦ ᠪᠠ ᠬᠠᠷᠢᠭᠤ ᠲᠤᠰᠬᠠᠵᠤ᠂ ᠦᠨᠡᠯᠡᠨ | ᠪᠠᠶᠢᠴᠠᠭᠠᠭᠰᠠᠨ ᠦᠷ᠎ᠡ ᠳ᠋ᠦᠩ ᠤᠨ ᠪᠤᠰᠤᠳᠴᠢ ᠪᠥᠭᠡᠳ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠲᠣᠰ ᠤᠳᠠᠭᠠᠨ ᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠᠷ ᠳᠡᠮᠵᠢᠨ᠂ ᠡᠯ᠎ᠡ ᠬᠠᠤᠯᠢ ᠬᠡᠷᠡᠭᠵᠢᠭᠦᠯᠬᠦ | ᠨᠢᠭᠡᠴᠡ ᠶᠢᠨ ᠬᠤᠭᠤᠷᠣᠨᠳᠣᠬᠢ ᠰᠣᠯᠢᠯᠴᠠᠭ᠎ᠠ ᠪᠠ ᠰᠤᠷᠤᠯᠴᠠᠯᠭ᠎ᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ | ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ᠶᠠᠰᠤ ᠴᠢᠨᠠᠷ ᠪᠠ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | ᠡᠨᠡ ᠤᠳᠠᠭᠠᠨ ᠤ ᠦᠨᠡᠯᠡᠯᠲᠡ ᠪᠠᠷ ᠠᠵᠠ ᠲᠣᠬᠢᠶᠠᠯ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠨ᠎ᠠ᠃ | | | | | ᠵᠣᠬᠢᠶᠠᠭᠴᠢ᠄ ᠡᠬᠡ ᠪᠢᠴᠢᠭ ᠬᠠᠩᠭᠠᠭᠴᠢ᠄ ᠴᠢᠯᠮᠡᠭ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |