ᠪᠠᠶᠠᠨᠴᠠᠭᠠᠨ ᠨᠢᠭᠡᠳᠦᠭᠡᠷ ᠪᠠᠭ᠎ᠠ ᠰᠤᠷᠭᠠᠭᠤᠯᠢ ᠮᠣᠳᠣ ᠲᠠᠷᠢᠬᠤ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ ᠶᠢ ᠬᠠᠮᠲᠤᠪᠠᠷ ᠪᠠᠶᠢᠭᠤᠯᠵᠠᠢ
ᠨᠡᠶᠢᠲᠡᠯᠡᠭᠰᠡᠨ ᠴᠠᠭ᠄
2025/3/13
   ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ  ᠠᠮᠢᠯᠠᠨ᠎ᠠ᠃ 3 ᠰᠠᠷ᠎ᠠ ᠶᠢᠨ 12 ᠤᠨ ᠡᠳᠦᠷ ᠮᠣᠳᠣ ᠲᠠᠷᠢᠬᠤ ᠪᠠᠶᠠᠷ ᠤᠨ ᠡᠳᠦᠷ ᠤᠨ ᠡᠨᠡ ᠡᠳᠦᠷ᠂ ᠪᠠᠶᠠᠨᠴᠠᠭᠠᠨ ᠨᠢᠭᠡᠳᠦᠭᠡᠷ ᠪᠠᠭ᠎ᠠ ᠰᠤᠷᠭᠠᠭᠤᠯᠢ ᠪᠣᠬᠢᠷᠲᠤᠯ ᠦᠭᠡᠢ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ︽ᠪᠣᠬᠢᠷᠲᠤᠯ ᠦᠭᠡᠢ ᠠᠮᠢ ᠨᠠᠰᠤ ᠶᠢ ᠬᠠᠶᠢᠷᠠᠯᠠᠵᠤ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠠᠯᠢ ᠤᠯᠠᠨ ᠪᠠᠶᠠᠯᠢᠭ ᠰᠠᠶᠢᠬᠠᠨ ᠮᠣᠳᠣ ᠲᠠᠷᠢᠬᠤ ᠪᠠᠶᠠᠷ ᠤᠨ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠣᠶᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠦᠨ ᠰᠣᠶᠣᠭᠠᠯᠠᠵᠤ᠂ ᠪᠠᠭᠰᠢ ᠰᠤᠷᠤᠭᠴᠢᠳ ᠪᠣᠯᠤᠨ ᠭᠡᠷ ᠤᠨ ᠠᠬᠠᠮᠠᠳ ᠢ ᠬᠦᠳᠦᠯᠦᠨ ᠵᠢᠯᠣᠭᠤᠳᠴᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠰᠠᠬᠢᠨ ᠬᠠᠮᠠᠭᠠᠯᠠᠭᠤᠯᠪᠠ᠃
   ︽ᠮᠣᠳᠣ ᠶᠢ ᠬᠠᠮᠠᠭᠠᠯᠠᠬᠤ ᠰᠡᠷᠡᠮᠵᠢ ᠶᠢᠨ ᠫᠠᠶᠢᠰᠠ︾ ᠶᠢᠨ ᠠᠵᠢᠯᠯᠠᠭ᠎ᠠ ᠳᠤᠮᠳᠠ᠂ ᠬᠡᠦᠬᠡᠳ ᠤᠳ ᠥᠪᠡᠷ ᠤᠨ ᠭᠠᠷ ᠢᠶᠠᠷ ᠢᠶᠠᠨ ᠬᠡᠦᠬᠡᠳ ᠤᠨ ᠰᠣᠨᠢᠷᠬᠠᠯᠲᠠᠢ ᠪᠠ ᠪᠦᠲᠦᠭᠡᠯᠴᠢ ᠴᠢᠨᠠᠷᠲᠠᠢ ᠰᠡᠷᠡᠮᠵᠢ ᠶᠢᠨ ᠫᠠᠶᠢᠰᠠ ᠦᠢᠯᠡᠳᠴᠦ᠂ ᠰᠤᠷᠭᠠᠭᠤᠯᠢ ᠶᠢᠨ ᠬᠦᠷᠢᠶᠡᠨ ᠤ ᠮᠣᠳᠣᠨ ᠳᠡᠭᠡᠷ᠎ᠡ ᠬᠢᠴᠢᠶᠡᠩᠭᠦᠢ ᠪᠠᠷ ᠡᠯᠭᠦᠵᠦ᠂ ᠡᠳᠡᠭᠡᠷ ᠪᠢᠴᠢᠬᠠᠨ ᠫᠠᠶᠢᠰᠠ ᠨᠢ ᠬᠡᠦᠬᠡᠳ ᠤᠳ ᠤᠨ ᠮᠣᠳᠣ ᠶᠢ ᠬᠠᠶᠢᠷᠠᠯᠠᠨ ᠬᠠᠯᠠᠮᠵᠢᠯᠠᠬᠤ ᠶᠢ ᠠᠴᠢᠶᠠᠯᠠᠵᠤ᠂ ᠠᠮᠢ ᠨᠠᠰᠤ ᠶᠢ ᠬᠠᠶᠢᠷᠠᠯᠠᠬᠤ ᠶᠢ ᠰᠠᠨᠠᠭᠤᠯᠪᠠ᠃    ᠡᠯ᠎ᠡ ᠠᠩᠭᠢ ᠶᠢᠨ ᠭᠡᠷ ᠲᠤ᠂ ᠰᠤᠷᠤᠭᠴᠢᠳ ︽ᠮᠣᠳᠣ ᠲᠠᠷᠢᠬᠤ ᠪᠠᠶᠠᠷ ᠤᠨ ᠢᠷᠡᠯᠳᠡ︾᠂ ︽ᠮᠣᠳᠣ ᠲᠠᠷᠢᠬᠤ ᠪᠠ ᠣᠷᠴᠢᠨ ᠲᠣᠭᠤᠷᠢᠨ ᠢ ᠬᠠᠮᠠᠭᠠᠯᠠᠬᠤ︾ ᠵᠡᠷᠭᠡ ᠭᠤᠣᠯ ᠰᠡᠳᠦᠪ ᠤᠨ ᠲᠣᠭᠤᠷᠢᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠮᠪᠠᠷ᠎ᠠ ᠶᠢᠨ ᠰᠣᠨᠢᠨ ᠢ ᠵᠣᠬᠢᠶᠠᠨ ᠪᠦᠲᠦᠭᠡᠪᠡ᠃ ᠪᠣᠷᠣ ᠮᠠᠲ᠋ᠧᠷᠢᠶᠠᠯ ᠢ ᠴᠤᠭᠯᠠᠭᠤᠯᠬᠤ ᠠᠴᠠ ᠠᠪᠤᠭᠠᠳ ᠦᠰᠦᠭ ᠥᠷᠥᠬᠦ ᠲᠥᠯᠥᠪᠯᠡᠭᠡ ᠬᠦᠷᠲᠡᠯ᠎ᠡ᠂ ᠠᠯᠬᠤᠮ ᠪᠦᠷᠢ ᠣᠯᠠᠨ ᠤ ᠬᠦᠴᠦ ᠲᠠᠮᠢᠷ ᠰᠢᠩᠭᠡᠵᠦ ᠪᠠᠶᠢᠳᠠᠭ᠃ ᠥᠩᠭᠡ ᠢᠯᠭᠠᠷᠠᠭᠰᠠᠨ᠂ ᠠᠭᠤᠯᠭ᠎ᠠ ᠲᠡᠭᠦᠯᠳᠡᠷ ᠰᠠᠮᠪᠠᠷ᠎ᠠ ᠶᠢᠨ ᠰᠣᠨᠢᠨ ᠨᠢ ᠬᠢᠴᠢᠶᠡᠯ ᠤᠨ ᠭᠡᠷ ᠢᠶᠠᠷ ᠴᠢᠮᠡᠭᠯᠡᠭᠰᠡᠨ ᠢᠶᠠᠷ ᠪᠠᠷᠠᠬᠤ ᠦᠭᠡᠢ᠂ ᠨᠠᠩ ᠴᠤ ᠪᠣᠬᠢᠷᠲᠤᠯ ᠦᠭᠡᠢ ᠮᠡᠳᠡᠯᠭᠡ ᠶᠢ ᠤᠯᠠᠮᠵᠢᠯᠠᠬᠤ ᠴᠣᠩᠬᠤ ᠪᠣᠯᠵᠤ᠂ ᠰᠤᠷᠤᠭᠴᠢᠳ ᠢ ᠵᠣᠬᠢᠶᠠᠨ ᠪᠦᠲᠦᠭᠡᠬᠦ ᠶᠠᠪᠤᠴᠠ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠡᠶ᠃
   ᠭᠤᠤᠯ ᠰᠡᠳᠦᠪᠲᠦ ᠠᠩᠭᠢ ᠶᠢᠨ ᠬᠤᠷᠠᠯ ᠨᠢ ᠠᠳᠠᠯᠢᠬᠠᠨ ᠭᠤᠶᠢᠳᠠ ᠰᠠᠶᠢᠬᠠᠨ ᠶᠠᠪᠤᠭᠳᠠᠵᠤ᠂ ᠪᠠᠭᠰᠢ ᠨᠠᠷ ᠵᠢᠷᠤᠭ ᠪᠢᠴᠢᠭ ᠬᠤᠣᠰᠯᠠᠭᠰᠠᠨ ᠲᠠᠶᠢᠯᠪᠤᠷᠢᠯᠠᠯᠲᠠ᠂ ᠠᠮᠢᠳᠤᠯᠢᠭ ᠰᠣᠨᠢᠷᠬᠠᠯᠲᠠᠶ ᠸᠢᠳᠢᠣ᠋ ᠪᠠᠷ ᠳᠠᠮᠵᠢᠭᠤᠯᠤᠨ᠂ ᠰᠤᠷᠤᠭᠴᠢᠳ ᠲᠤ ᠮᠣᠳᠣ ᠲᠠᠷᠢᠬᠤ ᠪᠠᠶᠠᠷ ᠤᠨ ᠲᠡᠦᠬᠡ ᠶᠢᠨ ᠡᠬᠢ ᠰᠤᠷᠪᠤᠯᠵᠢ᠂ ᠮᠣᠳᠣ ᠲᠠᠷᠢᠵᠤ ᠣᠶᠢᠵᠢᠭᠤᠯᠬᠤ ᠠᠰᠢᠭ ᠲᠠᠯ᠎ᠠ ᠵᠢᠴᠢ ᠠᠮᠢ ᠠᠬᠤᠶ ᠣᠷᠴᠢᠨ ᠲᠣᠭᠤᠷᠢᠨ ᠢ ᠡᠪᠳᠡᠬᠦ ᠬᠤᠤᠷ ᠬᠥᠨᠥᠭᠡᠯ ᠢ ᠲᠦᠭᠡᠮᠡᠯᠵᠢᠭᠦᠯᠵᠡᠶ᠃ ᠬᠠᠷᠢᠯᠴᠠᠨ ᠦᠢᠯᠡᠳᠦᠯᠴᠡᠬᠦ ᠭᠤᠭᠴᠤᠭ᠎ᠠ ᠳᠤ ᠰᠤᠷᠤᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠦᠵᠡᠯᠲᠡ ᠪᠠᠨ ᠬᠤᠪᠢᠶᠠᠯᠴᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠰᠣᠯᠢᠯᠴᠠᠭᠠᠨ ᠤ ᠳᠤᠮᠳᠠ ᠤᠯᠠᠮ ᠨᠢᠭᠡ ᠠᠯᠬᠤᠮ ᠴᠢᠩᠭᠠᠷᠠᠪᠠ᠃
   ᠡᠭᠦᠨ ᠠᠴᠠ ᠭᠠᠳᠠᠨ᠎ᠠ᠂ ᠰᠤᠷᠭᠠᠭᠤᠯᠢ ᠪᠠᠰᠠ ︽ᠣᠷᠴᠢᠨ ᠲᠣᠭᠤᠷᠢᠨ ᠢ ᠬᠠᠮᠠᠭᠠᠯᠠᠬᠤ ᠳᠤ ᠪᠢ ᠤᠷᠢᠳᠠᠪᠠᠷ ᠬᠡᠷᠡᠭᠵᠢᠭᠦᠯᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠬᠢᠴᠢᠶᠡᠯ ᠤᠨ ᠬᠡᠷ ᠠᠴᠠ ᠭᠠᠷᠬᠤ ᠶᠢ ᠵᠣᠷᠢᠭᠵᠢᠭᠤᠯᠵᠤ᠂ ᠪᠠᠶᠢᠭᠠᠯᠢ ᠲᠠᠢ ᠣᠶᠢᠷᠠᠲᠤᠵᠤ᠂ ᠣᠶ ᠮᠣᠳᠣ ᠶᠢ ᠬᠠᠮᠠᠭᠠᠯᠠᠬᠤ᠂ ᠣᠷᠴᠢᠨ ᠲᠣᠭᠤᠷᠢᠨ ᠢ ᠭᠤᠶᠣᠯᠠᠬᠤ ᠶᠢᠨ ᠠᠴᠢ ᠬᠤᠯᠪᠣᠭᠳᠠᠯ ᠢ ᠮᠡᠳᠡᠷᠡᠪᠡ᠃ ᠬᠡᠦᠬᠡᠳ ᠤᠳ ᠠᠵᠢᠯᠯᠠᠭ᠎ᠠ ᠶᠢᠨ ᠳᠤᠮᠳᠠ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ︾ ᠨᠢᠭᠡᠨᠲᠡ ᠲᠡᠳᠡᠨ ᠤ ᠰᠡᠳᠬᠢᠯ ᠳᠤ ᠭᠦᠨ ᠬᠠᠳᠠᠩᠰᠢᠪᠠ᠃
   ᠲᠣᠰ ᠤᠳᠠᠭᠠᠨ ᠤ ᠮᠣᠳᠣ ᠲᠠᠷᠢᠬᠤ ᠪᠠᠶᠠᠷ ᠤᠨ ᠠᠵᠢᠯᠯᠠᠭ᠎ᠠ ᠨᠢ ᠰᠤᠷᠤᠭᠴᠢᠳ ᠤᠨ ᠪᠠᠶᠢᠭᠠᠯᠢ ᠶᠢ ᠬᠠᠶᠢᠷᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠤᠷᠤᠭᠴᠢ ᠪᠠᠷ ᠳᠠᠮᠵᠢᠭᠤᠯᠤᠨ ᠬᠡᠷ ᠤᠨ ᠠᠬᠠᠮᠠᠳ ᠢ ᠳᠠᠶᠢᠴᠢᠯᠠᠵᠤ᠂ ᠨᠣᠭᠤᠭᠠᠷᠠᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠨᠠᠩ ᠣᠯᠠᠨ ᠬᠥᠮᠦᠰ ᠲᠤ ᠠᠩᠬᠠᠷᠤᠭᠤᠯᠵᠠᠶ᠃ ᠢᠷᠡᠭᠡᠳᠦᠢ ᠳᠤ᠂ ᠪᠠᠶᠠᠨᠴᠠᠭᠠᠨ ᠨᠢᠭᠡᠳᠦᠭᠡᠷ ᠪᠠᠭ᠎ᠠ ᠰᠤᠷᠭᠠᠭᠤᠯᠢ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠡᠩ ᠤᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠪᠣᠬᠢᠷᠲᠤᠯ ᠦᠭᠡᠢ ᠭᠡᠷ ᠣᠷᠣᠨ ᠢᠶᠠᠨ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃                                       ᠤᠷᠴᠢᠭᠤᠯᠤᠭᠴᠢ᠄ ᠡᠷᠳᠡᠨᠢᠴᠢᠮᠡᠭ                                       ᠬᠢᠨᠠᠭᠴᠢ᠄ ᠰᠤᠷᠤᠨ᠎ᠠ
 
ᠢᠷᠡᠯᠲᠡ᠄ ᠪᠠᠶᠠᠨᠴᠠᠭᠠᠨ ᠨᠢᠭᠡᠳᠦᠭᠡᠷ ᠪᠠᠭ᠎ᠠ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号