3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 8 ᠳ᠋ᠤᠭᠠᠷ | ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ | ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠢᠨᠠᠨ ᠪᠤᠳᠤᠬᠤ | ᠠᠵᠢᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | | ᠼᠦᠢ ᠶᠦᠩ ᠴᠢᠬᠤᠯᠠᠴᠢᠯᠠᠭᠰᠠᠨ ᠨᠢ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ | ᠵᠣᠭᠰᠣᠯ ᠥᠬᠡᠶ ᠠᠬᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠬᠤ ᠬᠡᠷᠡᠭᠲᠡᠶ︔ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ | ᠬᠢᠨᠠᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠢᠭᠡ ᠭᠤᠣᠯ ᠰᠢᠵᠢᠮ ᠳᠤ ᠲᠤᠤᠱᠯᠠᠭᠤᠯᠬᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ ᠬᠢᠨᠠᠯᠲᠠ ᠲᠠᠯᠪᠢᠬᠤ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ | ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ | ᠼᠦᠢ ᠶᠦᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠨᠠᠮ ᠤᠨ ᠬᠢᠨᠠᠨ ᠪᠤᠳᠤᠬᠤ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠬᠢᠨᠠᠨ | ᠪᠤᠳᠤᠬᠤ ᠠᠵᠢᠯ ᠤᠨ ᠤᠯᠤᠰ ᠲᠥᠷᠥ ᠶᠢᠨ ᠰᠢᠨᠵᠢ ᠴᠢᠨᠠᠷ ᠢ ᠭᠦᠨᠵᠡᠭᠡᠶ ᠣᠶᠢᠯᠠᠭᠠᠵᠤ᠂ ᠭᠤᠤᠯ ᠬᠠᠷᠢᠭᠤᠴᠠᠯᠭ᠎ᠠ | ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ | ᠬᠦ ᠰᠠᠶᠢᠲᠤᠷ ᠬᠢᠵᠦ᠂ ᠬᠢᠨᠠᠨ ᠪᠤᠳᠤᠬᠤ ᠴᠡᠭᠴᠡᠯᠡᠨ ᠰᠠᠶᠢᠵᠢᠷᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠨ᠎ᠠ᠃ | ᠤᠯᠤᠰ ᠲᠦᠷᠦ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠭᠡᠬᠦ ᠡᠨᠡᠬᠦ ︽ᠤᠯᠤᠰ ᠤᠨ ᠶᠡᠭᠡ ᠶᠠᠪᠤᠳᠠᠯ︾ ᠢ ᠴᠠᠭ ᠢᠮᠠᠭᠲᠠ ᠪᠠᠲᠤ ᠴᠡᠭᠡᠵᠢᠯᠡᠵᠦ᠂ ᠲᠦᠷᠦᠯ ᠬᠤᠪᠢᠶᠠᠨ | ᠠᠬᠢᠭᠤᠯᠵᠤ᠂ ᠲᠦᠷᠢᠮ ᠲᠣᠭᠲᠠᠭᠠᠯ ᠲᠣᠭᠲᠠᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠡᠶᠡᠯᠡᠭᠦᠯᠬᠦ ᠶᠢ | ᠪᠠᠲᠤᠯᠠᠵᠤ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ | ᠼᠦᠢ ᠶᠦᠩ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠮᠥᠷᠥᠨ ᠳᠡᠭᠡᠷ᠎ᠡ ᠪᠠᠨ | ᠪᠠᠲᠤ ᠡᠭᠦᠷᠭᠡᠯᠡᠵᠦ᠂ ᠬᠤᠰᠢᠭᠤᠨ ᠲᠠᠰ ᠤᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ | ᠨᠠᠷᠢᠨ ᠬᠢᠨᠠᠮᠠᠭᠠᠶ ᠬᠠᠷᠭᠤᠭᠤᠯᠵᠤ᠂ ᠠᠬᠢᠴᠠ ᠶᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠥᠨᠳᠥᠷ ᠦᠷ᠎ᠡ | ᠪᠦᠲᠦᠮᠵᠢᠲᠡᠶ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ | ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠪᠡᠯᠡ ᠮᠥᠩᠭᠦ ᠲᠦᠷᠦᠯ ᠵᠦᠢᠯ ᠢ ᠰᠠᠶᠢᠲᠤᠷ ᠬᠡᠷᠡᠭᠯᠡᠵᠦ᠂ | ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠠᠰᠢᠭ ᠢ ᠬᠠᠮᠤᠭ ᠤᠨ ᠶᠡᠭᠡ | ᠪᠣᠯᠭᠠᠬᠤ ᠶᠢ ᠪᠡᠶᠡᠯᠡᠭᠦᠯᠬᠦ ᠬᠡᠷᠡᠭᠲᠡᠢ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠨᠠᠷᠢᠯᠢᠭ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭᠠᠨ ᠤ ︽ᠰᠠᠶᠢᠨ ᠡᠬᠢᠯᠡᠯᠲᠡ︾᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠵᠠᠩ ᠰᠢᠤ ᠴᠢᠩ᠂ ᠵᠠᠩ ᠬᠠᠶ | ᠬᠤᠩ ᠵᠡᠷᠭᠡ ᠬᠤᠰᠢᠭᠤᠨ ᠤ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃ | | | ᠵᠣᠬᠢᠶᠠᠭᠴᠢ᠄ ᠰᠦᠨ ᠯᠢ ᠨᠠ᠂ ᠹᠠᠨ ᠵᠢᠶᠠ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |