ᠼᠦᠢ ᠶᠦᠩ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/21
   3 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠨᠢᠭᠤᠷᠳᠠᠨ ᠶᠠᠷᠢᠯᠴᠠᠪᠠ᠃    ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠢ ᠲᠥᠯᠥᠭᠡᠯᠡᠨ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ᠂ ᠳᠡᠭᠡᠷ᠎ᠡ ᠵᠢᠯ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠳᠡᠵᠦ᠂ ᠨᠠᠮ ᠤᠨ ᠡᠭᠦᠷ ᠤᠨ ᠳᠡᠭᠡᠷ᠎ᠡ ᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠨᠠᠮ ᠤᠨ ᠡᠭᠦᠷ ᠢ ᠲᠥᠯᠥᠭᠡᠯᠡᠨ ᠪᠠᠶᠢᠴᠠᠭᠠᠨ ᠵᠠᠳᠠᠯᠤᠭᠰᠠᠨ ᠪᠠᠶᠢᠨ᠎ᠠ᠃ ᠳᠠᠷᠠᠭ᠎ᠠ ᠨᠢ᠂ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠳᠡᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠨ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠵᠦ᠂ ᠨᠠᠮ ᠤᠨ ᠭᠡᠰᠢᠭᠦᠨ ᠺᠠᠳ᠋ᠷ ᠤᠨ ᠲᠥᠯᠥᠭᠡᠯᠡᠭᠴᠢ ᠶᠠᠷᠢᠶ᠎ᠠ ᠲᠠᠯᠪᠢᠪᠠ᠃    ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠼᠦᠢ ᠶᠦᠩ ᠬᠡᠯᠡᠭᠰᠡᠨ ᠨᠢ᠂ ᠣᠯᠠᠨ ᠢᠶᠠᠷ ᠢᠶᠠᠨ ᠠᠰᠠᠭᠤᠳᠠᠯ ᠢ ᠨᠠᠷᠢᠨ ᠣᠨᠣᠪᠴᠢᠲᠠᠶ ᠪᠠᠶᠢᠴᠠᠭᠠᠨ ᠳᠡᠯᠭᠡᠵᠦ᠂ ᠰᠢᠯᠲᠠᠭᠠᠨ ᠢ ᠭᠦᠨᠵᠡᠭᠡᠶ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠪᠠᠶᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠰᠢᠭᠤᠳ ᠰᠢᠯᠤᠭᠤᠨ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ︽ᠵᠠᠩᠭᠢᠯᠠᠭ᠎ᠠ᠂ ᠵᠥᠪᠯᠡᠭᠴᠢ᠂ ᠬᠠᠪᠰᠤᠷᠤᠭᠴᠢ᠂ ᠴᠣᠩᠬᠤᠪᠴᠢ︾ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠ ᠳᠤ ᠦᠢᠯᠡᠴᠢᠯᠡᠬᠦ︾ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠢ ᠬᠤᠰᠢᠭᠤᠨ ᠤ ᠨᠠᠮ ᠤᠨ ᠬᠤᠷᠢᠶᠠᠨ ᠤ ︽ᠪᠠᠲᠤ ᠴᠢᠩᠭ᠎ᠠ ᠡᠮᠦᠨ᠎ᠡ ᠬᠠᠷᠠᠭᠤᠯ︾ ᠪᠠ ︽ᠠᠷᠤ ᠬᠦᠷᠢᠶ᠎ᠡ ᠪᠠᠨ ᠪᠠᠬᠢᠵᠢᠭᠦᠯᠬᠦ︾ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠪᠠ᠃    ᠼᠦᠢ ᠶᠦᠩ ᠬᠡᠯᠡᠭᠰᠡᠨ ᠨᠢ᠂ ᠰᠤᠷᠤᠯᠴᠠᠯᠭ᠎ᠠ ᠶᠢ ᠪᠠᠷᠢᠮᠲᠠᠯᠠᠬᠤ ᠶᠢ ᠨᠢᠭᠡᠳᠦᠭᠡᠷ ᠱᠠᠭᠠᠷᠳᠠᠯᠭ᠎ᠠ ᠪᠣᠯᠭᠠᠵᠤ᠂ ᠤᠨᠤᠯ᠂ ᠲᠤᠰᠬᠠᠶ ᠮᠡᠷᠭᠡᠵᠢᠯ ᠤᠨ ᠮᠡᠳᠡᠯᠭᠡ᠂ ᠨᠠᠮ ᠤᠨ ᠰᠠᠬᠢᠯᠭ᠎ᠠ ᠪᠠᠲᠤ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠶ᠃ ᠴᠢᠳᠠᠪᠤᠷᠢ ᠶᠢᠨ ᠪᠠᠶᠢᠭᠤᠯᠤᠯᠲᠠ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠤᠯᠤᠰ ᠲᠦᠷᠦ ᠶᠢᠨ ᠴᠢᠳᠠᠪᠤᠷᠢ᠂ ᠡᠬᠡ ᠪᠢᠴᠢᠭ ᠤᠨ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠨᠢᠭᠡᠳᠦᠭᠡᠷ ᠪᠠᠷᠢᠮᠵᠢᠶ᠎ᠠ ᠪᠣᠯᠭᠠᠵᠤ᠂ ᠶᠡᠭᠡ ᠲᠠᠯ᠎ᠠ ᠶᠢᠨ ᠤᠬᠠᠮᠰᠠᠷ᠂ ᠬᠠᠮᠲᠤ ᠶᠢᠨ ᠤᠬᠠᠮᠰᠠᠷ᠂ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠨᠠᠮ ᠠᠴᠠ ᠺᠠᠳ᠋ᠷ ᠤᠨ ᠭᠤᠶᠠᠴᠢ ᠦᠭᠡᠢ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠢ ᠰᠠᠶᠢᠲᠤᠷ ᠵᠠᠯᠭᠠᠮᠵᠢᠯᠠᠨ ᠪᠠᠳᠠᠷᠠᠭᠤᠯᠵᠤ᠂ ᠪᠠᠶᠢᠯᠳᠤᠵᠤ ᠴᠢᠳᠠᠬᠤ ᠳᠠᠭᠠᠨ ᠴᠢᠳᠠᠮᠠᠭᠠᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠢᠯᠠᠯᠲᠠ ᠤᠯᠬᠤ ᠦᠭᠡᠢ ᠪᠠᠶᠢᠬᠤ ᠰᠢᠯᠢᠳᠡᠭ ᠰᠤᠷᠲᠠᠯ ᠢ ᠢᠮᠠᠭᠲᠠ ᠪᠠᠷᠢᠮᠲᠠᠯᠠᠵᠤ᠂ ᠠᠷᠢᠭᠤᠨ ᠴᠢᠬᠡᠴᠢ ᠪᠠᠶᠢᠬᠤ ᠶᠣᠰᠣ ᠶᠢ ᠬᠢᠴᠢᠶᠡᠩᠭᠦ᠋ᠢᠯᠡᠨ ᠰᠠᠬᠢᠵᠤ᠂ ᠣᠨᠴᠠ ᠡᠷᠬᠡ ᠶᠢᠨ ᠭᠡᠮ ᠰᠣᠭᠤᠭ ᠢ ᠰᠡᠷᠭᠡᠶᠢᠯᠡᠵᠦ᠂ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠠᠷᠢᠭᠤᠨ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠠᠭ ᠢᠮᠠᠭᠲᠠ ᠭᠠᠵᠠᠷ ᠪᠣᠯᠭᠠᠨ ᠳᠤ ᠨᠠᠮ ᠠᠴᠠ ᠡᠷᠬᠢᠯᠡᠭᠰᠡᠨ ᠺᠠᠳ᠋ᠷ ᠤᠨ ᠰᠠᠶᠢᠨ ᠰᠠᠶᠢᠬᠠᠨ ᠲᠦᠷᠢ ᠲᠥᠷᠬᠦ ᠶᠢ ᠬᠠᠮᠠᠭᠠᠯᠠᠬᠤ ᠪᠠ ᠢᠯᠡᠷᠡᠭᠦᠯᠬᠦ ᠬᠡᠷᠡᠭᠲᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧᠦ ᠵᠢᠶᠦ᠋ᠨ ᠢᠦᠶ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠪᠥᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠶ᠃                                                ᠵ᠊‍ᠣᠬᠢᠶᠠᠭᠴᠢ᠄ ᠯᠢᠶᠠᠩ ᠸᠧᠨ ᠯᠦᠩ                                                ᠴᠢᠮᠡᠭᠡᠯᠡᠭᠴᠢ᠄ ᠯᠦ ᠰᠢᠶᠤᠤ ᠲᠢᠩ                                                ᠤᠷᠴᠢᠭᠤᠯᠤᠭᠴᠢ᠄ ᠰᠤᠷᠤᠨ᠎ᠠ                                                ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号