3 ᠰᠠᠷ᠎ᠠ ᠶᠢᠨ 20 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ | ᠳᠣᠯᠣᠳᠤᠭᠠᠷ ᠬᠤᠷᠠᠯ ᠬᠤᠷᠠᠯᠳᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠠᠶ | ᠬᠤᠩ ᠬᠤᠷᠠᠯ ᠢ ᠡᠷᠭᠢᠯᠡᠵᠦ᠂ ᠳᠡᠳ᠋ ᠲᠡᠷᠢᠭᠦᠯᠡᠭᠴᠢ ᠷᠧᠨ ᠹᠠᠩ᠂ ᠵᠣᠣ ᠬᠠᠶ ᠫᠢᠩ᠂ ᠫᠠᠩ ᠵᠥᠩ ᠵᠢᠴᠢ ᠤᠯᠤᠰ | ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ | ᠰᠤᠯᠠ ᠣᠷᠣᠯᠴᠠᠵᠠᠶ᠃ | | ᠬᠤᠷᠠᠯ ᠠᠴᠠ ᠪᠦᠬᠦ ᠤᠯᠤᠰ ᠤᠨ ᠬᠤᠶᠠᠷ ᠬᠤᠷᠠᠯ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ᠂ ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠤᠯᠤᠰ ᠲᠥᠷᠥ ᠶᠢᠨ | ᠵᠥᠪᠯᠡᠯᠭᠡᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠷᠢᠶ᠎ᠠ ᠶᠢᠨ 2025 ᠣᠨ ᠤ ᠠᠵᠢᠯ ᠤᠨ | ᠭᠤᠤᠯᠳᠠᠯᠭ᠎ᠠ︾᠂ ︽ᠤᠯᠤᠰ ᠲᠥᠷᠥ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠤᠷᠢᠶ᠎ᠠ ᠶᠢᠨ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡᠨ᠂ ᠪᠠᠶᠢᠴᠠᠭᠠᠨ ᠰᠤᠳᠤᠯᠤᠯᠲᠠ ᠬᠢᠬᠦ᠂ | ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ︾ ᠪᠠ ︽ᠤᠯᠤᠰ ᠲᠥᠷᠥ ᠶᠢᠨ ᠵᠥᠪᠯᠡᠯᠭᠡᠨ ᠤ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠬᠤᠷᠢᠶ᠎ᠠ ᠶᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠠᠷᠠᠳᠴᠢᠯᠠᠯ ᠢᠶᠠᠷ ᠦᠨᠡᠯᠡᠭᠰᠡᠨ ᠪᠠᠶᠢᠳᠠᠯ ᠤᠨ ᠲᠤᠬᠠᠶ ᠮᠡᠳᠡᠭᠳᠡᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ | ᠪᠠᠰᠠ ᠤᠢᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠡᠯ᠎ᠡ ᠪᠠᠶᠢᠩᠭᠤ ᠶᠢᠨ | ᠬᠤᠷᠢᠶᠠᠨ ᠤ ᠬᠤᠪᠢ ᠬᠥᠮᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠪᠠᠶᠢᠴᠠᠭᠠᠨ ᠰᠤᠳᠤᠯᠬᠤ ᠰᠡᠳᠦᠪ | ᠪᠣᠯᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠰᠠᠨᠠᠭᠤᠯᠭ᠎ᠠ ᠶᠢ ᠰᠣᠨᠣᠰᠴᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠥᠬᠦ ᠪᠠᠶᠢᠩᠭᠤ ᠶᠢᠨ ᠭᠡᠰᠢᠭᠦᠳ | ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ | ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠦᠢᠯᠡᠳᠤᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ᠃ | ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ | ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠯᠢᠳᠡᠭ ᠰᠤᠷᠲᠠᠯ ᠢᠶᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ | ᠭᠤᠣᠯᠳᠠᠯᠭ᠎ᠠ᠂ ᠲᠥᠯᠥᠪᠯᠡᠭᠡ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ | ᠵᠥᠪᠯᠡᠬᠦ᠂ ᠪᠠᠶᠢᠴᠠᠭᠠᠨ ᠰᠤᠳᠤᠯᠬᠤ᠂ ᠬᠢᠨᠠᠯᠲᠠ ᠲᠠᠯᠪᠢᠬᠤ᠂ ᠪᠣᠯᠪᠠᠰᠤᠷᠠᠭᠤᠯᠬᠤ ᠠᠵᠢᠯ ᠵᠢᠴᠢ ᠡᠲᠡᠭᠡᠳ ᠤᠨ | ᠢᠯᠭᠠᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ᠡᠯ᠎ᠡ ᠪᠠᠶᠢᠩᠭᠤ ᠶᠢᠨ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠪᠠ | ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠪᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠠᠶᠢᠴᠠᠭᠠᠨ ᠰᠤᠳᠤᠯᠬᠤ ᠰᠡᠳᠦᠪ ᠢ ᠭᠦᠨᠵᠡᠭᠡᠶ | ᠪᠠᠶᠢᠴᠠᠭᠠᠨ ᠰᠤᠳᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ ᠭᠡᠵᠡᠶ᠃ | | | | | ᠵᠣᠬᠢᠶᠠᠭᠴᠢ᠄ ᠪᠦᠦ ᠯᠦᠩ | ᠴᠢᠮᠡᠭᠡᠯᠡᠭᠴᠢ᠄ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |