ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2025 ᠣᠨ ᠤ 9 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 9 ᠳ᠋ᠤᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠰᠢᠭᠤᠨ ᠲᠠᠰ ᠤᠨ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃    ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠦᠷᠦᠯ ᠬᠤᠪᠢᠶᠠᠨ ᠤᠯᠠᠨ ᠢᠶᠠᠷ ᠢᠶᠠᠨ ᠰᠤᠷᠤᠯᠴᠠᠵᠤ ᠰᠤᠳᠤᠯᠤᠨ ᠶᠠᠷᠢᠯᠴᠠᠵᠤ᠂ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠳᠡᠯᠭᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠡᠭᠦᠳᠡ ᠪᠠᠨ ᠨᠡᠭᠡᠭᠡᠬᠦ ᠬᠥᠮᠦᠵᠢᠯ ᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠪᠦᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠭᠤᠭᠴᠤᠭ᠎ᠠ ᠨᠢᠭᠡᠪᠦᠷᠢ ᠳᠤ ᠦᠨᠡᠨᠬᠦ ᠨᠠᠶᠢᠳᠠᠪᠤᠷᠢᠵᠢᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠡᠯ᠎ᠡ ᠵᠦᠢᠯ ᠤᠨ ᠠᠷᠭᠠᠴᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃    ᠬᠤᠷᠠᠯ ᠠᠴᠠ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠣᠷᠣᠭᠤᠯᠤᠯᠲᠠ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠲᠦᠷᠦᠯ ᠵᠦᠢᠯ ᠤᠨ ᠬᠡᠷᠡᠭᠯᠡᠯᠲᠡ ᠶᠢ ᠦᠨᠡᠨᠬᠦ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                         ᠵᠣᠬᠢᠶᠠᠭᠴᠢ᠄ ᠰᠦᠨ ᠯᠢ ᠨᠠ᠂ ᠹᠠᠨ ᠵᠢᠶᠠ ᠸᠧᠨ                                         ᠤᠷᠴᠢᠭᠤᠯᠤᠭᠴᠢ᠄ ᠰᠤᠷᠤᠨ᠎ᠠ                                         ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号