ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠤ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
   ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ ᠢ ᠤᠯᠠᠮᠵᠢᠯᠠᠨ ᠰᠤᠷᠤᠯᠴᠠᠪᠠ᠃ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠥᠳᠡᠯᠦᠩᠭᠦᠶ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤᠪᠴᠢ ᠨᠢᠭᠡᠴᠡ ᠵᠢᠴᠢ ᠴᠣᠩᠬᠤᠪᠴᠢ ᠶᠢᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2025 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠰᠤᠳᠤᠯᠤᠨ ᠬᠢᠨᠠᠨ ᠵᠥᠪᠯᠡᠪᠡ᠃ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠬᠥᠭᠵᠢᠯᠲᠡ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠲᠤᠤᠱᠯᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠲᠣᠭᠲᠠᠭᠰᠠᠨ ᠡᠭᠦᠷᠭᠡ ᠶᠢᠨ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠪᠠ ᠴᠢᠩᠭ᠎ᠠ ᠠᠩᠬᠠᠷᠬᠤ ᠡᠷᠴᠢ ᠵᠣᠷᠢᠭ ᠢᠶᠠᠷ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ ᠬᠡᠷᠡᠭᠲᠡᠶ᠃    ᠬᠤᠷᠠᠯ ᠠᠴᠠ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠠᠰᠠᠭᠤᠳᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠢᠨ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠪᠦᠬᠦ ᠲᠠᠯ᠎ᠠ ᠪᠠᠷ ᠠᠷᠢᠯᠭᠠᠬᠤ ᠬᠡᠷᠡᠭᠲᠡᠢ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠦᠢᠯᠡ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠠᠴᠠ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠡᠷᠡᠰ ᠬᠤᠷᠢᠭᠯᠠᠵᠤ᠂ ᠡᠷᠲᠡ ᠢᠯᠡᠷᠡᠭᠦᠯᠵᠦ᠂ ᠡᠷᠲᠡ ᠬᠤᠷᠢᠭᠯᠠᠵᠤ᠂ ᠡᠷᠲᠡ ᠪᠠᠶᠢᠴᠠᠭᠠᠨ ᠰᠢᠢᠳᠪᠦᠷᠢᠯᠡᠬᠦ ᠶᠢ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠬᠢᠨᠠᠨ ᠵᠥᠪᠯᠡᠵᠦ ᠰᠤᠳᠤᠯᠪᠠ᠃    ᠬᠤᠰᠢᠭᠤᠨ ᠤ ᠤᠳᠤᠷᠢᠳᠤᠯᠭ᠎ᠠ ᠸᠠᠩ ᡁᠢ ᠴᠢ᠂ ᠴᠠᠩ ᠶᠠ ᠨᠢᠩ᠂ ᠼᠦᠢ ᠯᠢ ᠹᠠᠩ᠂ ᠰᠦᠨ ᠶᠠᠨ ᠵᠢᠶᠧ᠂ ᠹᠦ᠋ ᠵᠢᠶᠠᠨ᠂ ᠷᠧᠨ ᠯᠢ᠂ ᠦ᠋ ᠵᠢᠶᠧ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠣᠷᠣᠯᠴᠠᠵᠠᠶ᠃                                           ᠵᠣᠬᠢᠶᠠᠭᠴᠢ᠄ ᠵᠢᠶ ᠢᠦᠶ ᠰᠢᠤᠸᠠᠨ                                           ᠴᠢᠮᠡᠭᠡᠯᠡᠭᠴᠢ᠄ ᠸᠠᠩ ᠱᠤ᠋ ᠸᠧᠨ                                           ᠤᠷᠴᠢᠭᠤᠯᠤᠭᠴᠢ᠄ ᠰᠤᠷᠤᠨ᠎ᠠ                                           ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号