ᠦᠨᠳᠦᠰᠦᠨ ᠱᠠᠲᠤᠨ ᠤ ᠺᠠᠳ᠋ᠷ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠬᠠᠤᠯᠢ ᠶᠣᠰᠣᠭᠠᠷ ᠠᠵᠢᠯᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ | ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠰᠢᠯᠢ ᠰᠢᠶᠠᠩ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ | ᠥᠷᠨᠢᠭᠦᠯᠬᠦ ᠶᠢᠨ ᠬᠠᠮᠲᠤ ᠠᠢ ᠳ᠋ᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠶ ᠮᠡᠷᠭᠡᠵᠢᠯ ᠤᠨ | ᠬᠠᠤᠯᠢᠴᠢ ᠶᠢ ᠤᠷᠢᠵᠤ ᠬᠢᠴᠢᠶᠡᠯ ᠣᠷᠣᠭᠤᠯᠵᠤ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠥᠬᠦ ᠪᠦᠷᠢᠯᠳᠦᠬᠦᠨ᠂ ᠭᠠᠴᠠᠭ᠎ᠠ ᠲᠣᠰᠬᠤᠨ ᠤ | ᠨᠠᠮ ᠤᠨ ᠡᠭᠦᠷ ᠤᠨ ᠱᠦᠵᠢ ᠵᠢᠴᠢ ᠲᠣᠰᠬᠤᠨ ᠤ ᠬᠤᠶᠠᠷ ᠵᠥᠪᠯᠡᠯ ᠤᠨ ᠪᠣᠯᠪᠠᠰᠤᠷᠠᠯ ᠳᠤ ᠣᠷᠣᠯᠴᠠᠭᠤᠯᠪᠠ᠃ | | ᠪᠣᠯᠪᠠᠰᠤᠷᠠᠭᠤᠯᠤᠯ ᠳᠤ᠂ ᠭᠠᠴᠠᠭ᠎ᠠ ᠲᠣᠰᠬᠤᠨ ᠤ ᠺᠠᠳ᠋ᠷᠴᠤᠳ ᠦᠨᠳᠦᠰᠦᠨ ᠱᠠᠲᠤᠨ ᠤ ᠵᠠᠰᠠᠯᠲᠠ ᠶᠢᠨ ︽ | ᠬᠠᠷᠠᠭᠠᠰᠤ︾ ᠪᠣᠯᠤᠭᠰᠠᠨ ᠤ ᠬᠤᠪᠢ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠡᠳᠡᠭᠡ ᠵᠠᠩᠭᠢ | ᠴᠤᠭᠯᠠᠭᠤᠯᠬᠤ᠂ ᠵᠥᠷᠢᠴᠡᠯ ᠢ ᠠᠷᠢᠯᠭᠠᠬᠤ ᠵᠡᠷᠭᠡ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠣᠶ᠃ | ᠭᠠᠴᠠᠭ᠎ᠠ ᠲᠣᠰᠬᠤᠨ ᠤ ᠺᠠᠳ᠋ᠷ ᠤᠨ ᠬᠠᠤᠯᠢ ᠴᠠᠭᠠᠵᠠ ᠶᠢᠨ ᠮᠡᠳᠡᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠨᠢ | ᠣᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ᠂ ᠦᠨᠳᠦᠰᠦᠨ ᠱᠠᠲᠤᠨ ᠤ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠪᠣᠯᠪᠠᠰᠤᠷᠠᠭᠤᠯᠤᠯ ᠤᠨ ᠠᠭᠤᠯᠭ᠎ᠠ ᠨᠢ ᠬᠥᠳᠡᠭᠡ ᠲᠣᠰᠬᠤᠨ ᠤ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠭᠠᠵᠠᠷ ᠰᠢᠷᠣᠶ ᠶᠢᠨ ᠡᠵᠡᠩᠨᠡᠯᠲᠡ ᠶᠢᠨ ᠳᠠᠭᠠᠭᠠᠴᠢᠯᠠᠯᠲᠠ ᠶᠢᠨ ᠡᠷᠬᠡ᠂ ᠲᠣᠰᠬᠤᠨ ᠤ ᠠᠷᠠᠳ ᠤᠨ | ᠵᠥᠪᠯᠡᠯ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠤᠷᠢᠨ ᠳᠤ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠡᠯᠪᠡᠷᠢ ᠪᠠᠷ ᠭᠠᠵᠠᠷ ᠰᠢᠷᠣᠶ ᠶᠢᠨ | ᠡᠷᠬᠡ ᠶᠢ ᠨᠤᠲᠠᠯᠠᠨ ᠲᠣᠭᠲᠠᠭᠠᠬᠤ᠂ ᠬᠠᠮᠲᠤ ᠶᠢᠨ ᠬᠠᠳᠤᠯᠠᠩ ᠪᠡᠯᠴᠢᠭᠡᠷ ᠵᠡᠷᠭᠡ ᠪᠠᠶᠢᠩᠭᠤ ᠲᠣᠬᠢᠶᠠᠯᠳᠤᠳᠠᠭ | ᠠᠰᠠᠭᠤᠳᠠᠯ ᠤᠨ ᠬᠠᠤᠯᠢ ᠴᠠᠭᠠᠵᠠ ᠶᠢᠨ ᠦᠨᠳᠦᠰᠦᠯᠡᠯ ᠪᠠ ᠡᠶᠡᠳᠡᠭᠦᠯᠬᠦ ᠮᠡᠷᠭᠡᠵᠢᠯ ᠢ ᠭᠤᠤᠯᠳᠠᠯᠭ᠎ᠠ ᠲᠠᠢ | ᠲᠠᠶᠢᠯᠪᠤᠷᠢᠯᠠᠪᠠ᠃ ᠠᠮᠢᠳᠤᠯᠢᠭ ᠪᠥᠭᠡᠳ ᠠᠮᠢᠳᠤ ᠬᠡᠷᠡᠭ ᠤᠨ ᠵᠢᠱᠢᠶ᠎ᠡ ᠨᠢ ᠪᠣᠳᠠᠲᠤ ᠪᠠᠶᠢᠳᠠᠯ ᠲᠠᠢ ᠣᠶᠢᠷᠠᠲᠤᠭᠰᠠᠨ | ᠲᠠᠶᠢᠯᠪᠤᠷᠢᠯᠠᠯᠲᠠ ᠶᠢᠨ ᠠᠷᠭ᠎ᠠ ᠮᠠᠶ᠋ᠢᠭ ᠨᠢ ᠤᠤᠯ ᠨᠢ ᠣᠶᠢᠯᠠᠭᠠᠭᠳᠠᠬᠤ ᠳᠤ ᠪᠡᠷᠬᠡ ᠪᠠᠶᠢᠭᠰᠠᠨ ᠬᠠᠤᠯᠢ ᠴᠠᠭᠠᠵᠠ ᠶᠢᠨ | ᠵᠤᠷᠪᠤᠰ ᠢ ᠬᠢᠯᠪᠠᠷ ᠣᠶᠢᠯᠠᠭᠠᠮᠵᠢᠲᠠᠶ ᠪᠣᠯᠭᠠᠵᠤ᠂ ᠭᠠᠴᠠᠭ᠎ᠠ ᠲᠣᠰᠬᠤᠨ ᠤ ᠺᠠᠳ᠋ᠷ ᠰᠡᠳᠬᠢᠯ ᠰᠠᠨᠠᠭ᠎ᠠ ᠪᠠᠨ | ᠲᠥᠪᠯᠡᠷᠡᠭᠦᠯᠦᠨ᠂ ᠪᠠᠶᠢᠨ ᠪᠠᠶᠢᠨ ᠲᠡᠮᠳᠡᠭᠯᠡᠯ ᠬᠢᠵᠦ ᠪᠠᠶᠢᠪᠠ᠃ ᠭᠠᠵᠠᠷ ᠰᠢᠷᠣᠶ ᠶᠢᠨ ᠵᠢᠭᠤᠷᠠᠯᠳᠤᠭᠠᠨ ᠤ ᠬᠤᠯᠪᠣᠭᠳᠠᠯ | ᠪᠥᠬᠦᠶ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠬᠤ ᠳᠠᠭᠠᠨ᠂ ᠬᠠᠤᠯᠢᠴᠢ ᠠᠴᠠ ᠭᠠᠵᠠᠷ ᠰᠢᠷᠣᠶ ᠶᠢᠨ | ᠬᠠᠷᠢᠴᠠᠭ᠎ᠠ ᠶᠢᠨ ᠰᠢᠢᠳᠪᠦᠷᠢᠯᠡᠯᠲᠡ ᠶᠢᠨ ᠵᠣᠬᠢᠰ ᠥᠬᠡᠶ ᠠᠴᠠ ᠪᠣᠯᠤᠭᠰᠠᠨ ᠣᠯᠠᠨ ᠵᠥᠷᠢᠴᠡᠯ ᠢ ᠵᠢᠭᠰᠠᠭᠠᠨ ᠭᠠᠷᠭᠠᠵᠤ᠂ | ᠵᠢᠭᠤᠷᠠᠯᠳᠤᠭᠠᠨ ᠤ ᠰᠢᠯᠲᠠᠭᠠᠨ ᠵᠢᠴᠢ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠬᠢᠨ ᠬᠡᠷᠡᠭᠯᠡᠨ ᠲᠣᠬᠢᠲᠠᠶ | ᠰᠢᠢᠳᠪᠦᠷᠢᠯᠡᠬᠦ ᠲᠤᠬᠠᠶ ᠨᠠᠷᠢᠨ ᠵᠠᠳᠠᠯᠪᠠ᠃ ᠭᠠᠴᠠᠭ᠎ᠠ ᠲᠣᠰᠬᠤᠨ ᠤ ᠺᠠᠳ᠋ᠷᠴᠤᠳ ᠲᠤ ᠡᠳᠦᠷ ᠲᠤᠲᠤᠮ ᠤᠨ | ᠲᠣᠭᠤᠷᠢᠨ ᠪᠠᠶᠢᠴᠠᠭᠠᠵᠤ ᠰᠤᠷᠪᠤᠯᠵᠢᠯᠠᠬᠤ ᠶᠠᠪᠤᠴᠠ ᠳᠤ᠂ ᠵᠥᠷᠢᠴᠡᠯ ᠤᠨ ᠳᠠᠯᠳᠠ ᠬᠡᠮ ᠢ ᠢᠯᠡᠷᠡᠭᠦᠯᠬᠦ ᠶᠢ | ᠴᠢᠬᠤᠯᠠᠴᠢᠯᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠬᠡᠷᠡᠭᠯᠡᠨ ᠴᠠᠭ ᠲᠤᠬᠠᠶ ᠳᠤᠨᠢ ᠡᠶᠡᠳᠡᠭᠦᠯᠵᠦ᠂ ᠵᠥᠷᠢᠴᠡᠯ ᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ | ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠤᠨ | ᠠᠵᠢᠯᠯᠠᠭ᠎ᠠ ᠨᠢ ᠭᠠᠴᠠᠭ᠎ᠠ ᠲᠣᠰᠬᠤᠨ ᠤ ᠺᠠᠳ᠋ᠷ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ︽ᠬᠠᠤᠯᠢ ᠴᠠᠭᠠᠵᠠ ᠶᠢ | ᠣᠶᠢᠯᠠᠭᠠᠬᠤ᠂ ᠡᠶᠡᠳᠡᠭᠦᠯᠬᠦ ᠳᠡᠭᠡᠨ ᠴᠢᠳᠠᠮᠠᠭᠠᠶ᠂ ᠦᠶ᠋ᠯᠡᠴᠢᠯᠡᠬᠦ ᠳᠤ ᠴᠢᠳᠠᠮᠠᠭᠠᠶ︾ ᠦᠨᠳᠦᠰᠦᠨ ᠱᠠᠲᠤᠨ ᠤ | ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠰᠢᠯᠢ ᠰᠢᠶᠠᠩ ᠲᠣᠰ ᠤᠳᠠᠭᠠᠨ ᠤ | ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ︽ᠬᠠᠤᠯᠢ ᠴᠠᠭᠠᠵᠠ ᠶᠢ ᠲᠣᠤᠷᠵᠢᠯ ᠳᠤ ᠣᠷᠣᠭᠤᠯᠬᠤ︾ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠷᠢᠯ ᠤᠨ ᠡᠭᠡᠯᠵᠢᠯᠡᠨ ᠪᠣᠯᠪᠠᠰᠤᠷᠠᠭᠤᠯᠬᠤ᠂ ᠬᠠᠤᠯᠢ | ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠺᠠᠳ᠋ᠷ ᠤᠨ | ᠡᠩᠨᠡᠭᠡ ᠶᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ︽ᠡᠮᠦᠨ᠎ᠡ | ᠹᠷᠣᠨᠲ ᠤᠨ ᠬᠠᠷᠠᠭᠤᠯ︾ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠰᠢᠨ᠎ᠡ ᠬᠦᠴᠦᠨ︾ ᠪᠣᠯᠭᠠᠬᠤ ᠶᠢ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |