ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠥᠪ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠬᠥᠮᠦᠰ ᠢ ᠦᠳᠲᠡᠷ ᠲᠦᠷᠭᠡᠨ | ᠵᠣᠬᠢᠶᠠᠨ ᠪᠠᠶᠢᠭᠤᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ | ᠵᠢᠵᠢᠭᠦᠷᠯᠡᠨ ᠰᠠᠬᠢᠬᠤ ᠠᠵᠢᠯ ᠢ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠣᠭᠲᠠᠭᠤᠨ ᠪᠠᠶᠢᠳᠠᠯ ᠢ | ᠬᠠᠮᠠᠭᠠᠯᠠᠪᠠ᠃ | | ᠣᠶᠢᠷ᠎ᠠ ᠶᠢᠨ ᠬᠤᠭᠤᠴᠠᠭᠠᠨ ᠳᠤ᠂ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠶᠡᠭᠡ ᠰᠠᠯᠬᠢᠨ ᠤ | ᠠᠭᠤᠷ ᠠᠮᠢᠰᠬᠤᠯ ᠨᠡᠮᠡᠭᠳᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ | ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠃ ᠡᠨᠡ ᠬᠦ ᠬᠦᠨᠳᠦ ᠬᠡᠴᠡᠭᠦᠦ ᠪᠠᠶᠢᠳᠠᠯ ᠢ ᠨᠥᠯᠥᠭᠡᠯᠡᠬᠦ ᠶᠢᠨ ᠲᠥᠯᠥᠭᠡ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠥᠪ ᠦᠳᠲᠡᠷ ᠲᠦᠷᠭᠡᠨ ᠬᠥᠳᠡᠯᠦᠯᠴᠡᠵᠦ᠂ | ᠵᠢᠵᠢᠭᠦᠷᠯᠡᠨ ᠰᠠᠬᠢᠬᠤ ᠨᠠᠷᠢᠨ ᠲᠣᠳᠣᠷᠬᠠᠶ ᠲᠥᠯᠥᠪᠯᠡᠭᠡ ᠲᠣᠭᠲᠠᠭᠠᠨ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ 24 ᠴᠠᠭ ᠢᠶᠠᠷ ᠲᠤᠰᠬᠠᠶ ᠬᠥᠮᠦᠨ ᠤ ᠪᠠᠴᠢᠮ ᠪᠠᠶᠢᠳᠠᠯ ᠢ ᠠᠷᠭᠠᠴᠠᠭᠠᠬᠤ | ᠵᠢᠵᠢᠭᠦᠷᠯᠡᠨ ᠰᠠᠬᠢᠬᠤ ᠲᠦᠷᠢᠮ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠵᠢᠵᠢᠭᠦᠷᠯᠡᠭᠴᠢ | ᠰᠢᠭᠤᠶᠢᠲᠤ ᠣᠷᠣᠨ ᠤ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠭᠠᠯ ᠲᠦᠢᠮᠡᠷ ᠤᠨ ᠪᠠᠶᠢᠳᠠᠯ ᠢ ᠬᠢᠨᠠᠨ | ᠬᠡᠮᠵᠢᠬᠦ ᠪᠠᠨ ᠴᠢᠩᠭᠠᠳᠬᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠤᠨ ᠮᠡᠳᠡᠭᠡ | ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠪᠣᠯᠤᠨ᠎ᠠ᠃ | | ︽ᠲᠣᠰ ᠤᠳᠠᠭᠠᠨ ᠤ ᠶᠡᠭᠡ ᠰᠠᠯᠬᠢ᠂ ᠡᠯᠡᠰᠦᠨ ᠰᠢᠭᠤᠷᠭ᠎ᠠ ᠶᠢ ᠠᠷᠭᠠᠴᠠᠬᠤ ᠶᠢᠨ ᠲᠥᠯᠥᠭᠡ᠂ ᠮᠠᠨ ᠤ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠥᠪ ᠠᠴᠠ ᠤᠷᠢᠳᠴᠢᠯᠠᠨ ᠰᠡᠷᠭᠡᠶᠢᠯᠡᠬᠦ ᠪᠠᠶᠢᠳᠠᠯ ᠢ ᠳᠡᠭᠡᠳᠦ | ᠬᠡᠮᠵᠢᠶ᠎ᠡ ᠪᠠᠷ ᠰᠡᠷᠭᠡᠶᠢᠯᠡᠬᠦ ᠶᠢᠨ ᠬᠠᠮᠲᠤ 24 ᠴᠠᠭ ᠤᠨ ᠵᠢᠵᠢᠭᠦᠷᠯᠡᠬᠦ ᠲᠦᠷᠢᠮ ᠢ ᠡᠬᠢᠯᠡᠭᠦᠯᠵᠦ᠂ ᠭᠠᠯ ᠤᠨ ᠠᠶᠤᠯ | ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠶᠢᠨ ᠳᠣᠲᠣᠷᠠᠬᠢ ᠲᠣᠭᠤᠷᠢᠨ ᠬᠠᠮᠠᠭᠠᠯᠠᠬᠤ ᠤᠳᠠᠭ᠎ᠠ ᠪᠠᠨ | ᠨᠡᠮᠡᠭᠳᠡᠭᠦᠯᠵᠦ᠂ ᠭᠠᠯ ᠤᠨ ᠠᠶᠤᠯ ᠤᠨ ᠠᠯᠢᠪᠠ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠠᠷᠢᠯᠭᠠᠪᠠ᠃ ᠴᠠᠬᠠᠷ | ᠪᠠᠷᠠᠭᠤᠨ ᠭᠠᠷᠤᠨ ᠬᠤᠶᠢᠲᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠥᠪ ᠤᠨ | ᠳᠡᠳ᠋ ᠡᠷᠬᠢᠯᠡᠭᠴᠢ ᠱᠢ ᠹᠧᠩ ᠬᠡᠯᠡᠪᠡ᠃ | | ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠦᠷᠭᠦᠯᠵᠢᠯᠡᠨ | ᠦᠨᠡᠨ ᠬᠦ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠰᠠᠬᠢᠨ | ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠤᠨ᠎ᠠ᠃ | | | | | ᠵᠣᠬᠢᠶᠠᠭᠴᠢ᠄ ᠭᠦᠸᠧ ᡁᠢ ᠴᠢᠶᠠᠩ | ᠴᠢᠮᠡᠭᠡᠯᠡᠭᠴᠢ᠄ ᠰᠤᠯᠤᠩᠭ᠎ᠠ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |