ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠬᠦᠷᠢᠶᠡᠨ ᠳᠠᠬᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/3/26
   ᠰᠢᠯᠵᠢᠮᠡᠯ ᠡᠬᠢ ᠰᠤᠷᠪᠤᠯᠵᠢ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠨᠡᠨ ᠬᠦ ᠴᠢᠩᠭᠠᠳᠬᠠᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ ᠰᠠᠶᠢᠵᠢᠷᠠᠭᠤᠯᠬᠤ ᠶᠢ ᠠᠬᠢᠭᠤᠯᠵᠤ᠂ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠬᠦᠷᠢᠶᠡᠨ ᠳᠠᠬᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 2025 ᠣᠨ ᠤ 3 ᠰᠠᠷ᠎ᠠ ᠶᠢᠨ 24 ᠤ ᠡᠳᠦᠷ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠨᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠲᠠᠢ ᠬᠠᠮᠲᠤᠷᠠᠨ ᠪᠥᠬᠦ ᠬᠤᠰᠢᠭᠤᠨ ᠤ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ 4 ᠬᠦᠷᠢᠶᠡᠨ ᠳᠠᠬᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
   ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠭᠤᠤᠯᠳᠠᠭᠤ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠵᠢᠯ ᠤᠨ ᠡᠮᠦᠨᠡᠬᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠪᠥᠬᠦ ᠣᠷᠣᠨ ᠤ ᠮᠠᠰᠢᠨᠲᠤ ᠲᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠯᠲᠠ ᠬᠢᠵᠦ ᠦᠯᠡᠳᠡᠭᠡᠭᠰᠡᠨ ᠠᠰᠠᠭᠤᠳᠠᠯ ᠢ ᠡᠷᠭᠢᠵᠦ ᠦᠵᠡᠪᠡ᠃ ᠬᠢᠷᠢ ᠴᠢᠳᠠᠮᠵᠢ ᠶᠢᠨ ᠪᠠᠶᠢᠴᠠᠭᠠᠨ ᠰᠢᠯᠭᠠᠬᠤ ᠱᠤᠭᠤᠮ᠂ ᠬᠠᠷᠠᠭᠠᠨ ᠳᠠᠪᠲᠠᠮᠵᠢ᠂ ᠮᠡᠳᠡᠭᠦᠯᠦᠯᠲᠡ᠂ ᠲᠠᠪᠴᠠᠩ ᠤᠨ ᠲᠤᠭ᠎ᠠ ᠪᠠᠷᠢᠮᠲᠠ ᠶᠢ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠷᠢᠭᠤᠳᠠ ᠥᠯᠢᠭᠡᠷ ᠠᠪᠬᠤ ᠶᠠᠪᠤᠴᠠ ᠶᠢ ᠬᠠᠷᠰᠢᠯᠠᠭᠰᠠᠨ᠂ ᠰᠢᠯᠭᠠᠨ ᠪᠠᠶᠢᠴᠠᠭᠠᠬᠤ ᠠᠷᠭ᠎ᠠ ᠶᠢ ᠳᠤᠷ᠎ᠠ ᠪᠠᠷ ᠢᠶᠠᠨ ᠠᠭᠤᠵᠢᠭᠤ ᠲᠠᠯᠪᠢᠬᠤ᠂ ᠬᠡᠮ ᠬᠢᠭᠰᠡᠨ ᠵᠥᠭᠡᠯᠡᠨ ᠲᠣᠨᠤᠭ ᠪᠤᠶᠤ ᠬᠠᠲᠠᠭᠤ ᠲᠣᠨᠤᠭ ᠢ ᠬᠡᠷᠡᠭᠯᠡᠬᠦ᠂ ᠰᠢᠯᠭᠠᠨ ᠪᠠᠶᠢᠴᠠᠭᠠᠬᠤ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠪᠤᠶᠤ ᠥᠭᠡᠷᠡᠲᠦᠭᠦᠯᠬᠦ᠂ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠥᠬᠡᠶ ᠲᠡᠷᠭᠡ ᠬᠥᠰᠬᠡ ᠶᠢᠨ ᠬᠢᠷᠢ ᠲᠡᠩᠴᠡᠭᠰᠡᠨ ᠮᠡᠳᠡᠭᠦᠯᠦᠯᠲᠡ ᠭᠠᠷᠭᠠᠬᠤ ᠵᠡᠷᠭᠡ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠶ᠃ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠶᠢᠨ ᠬᠠᠮᠲᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠪᠠ ᠠᠵᠢᠯᠯᠠᠬᠤ ᠴᠤᠪᠤᠷᠠᠯ ᠢ ᠴᠢᠩᠭ᠎ᠠ ᠵᠢᠷᠤᠮᠯᠠᠨ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠦᠷᠢᠨ ᠪᠦᠲᠦᠨ ᠲᠡᠮᠳᠡᠭᠯᠡᠬᠦ ᠪᠠ ᠬᠠᠳᠠᠭᠠᠯᠠᠵᠤ᠂ ᠰᠢᠯᠭᠠᠨ ᠪᠠᠶᠢᠴᠠᠭᠠᠬᠤ ᠠᠵᠢᠯᠯᠠᠭ᠎ᠠ ᠶᠢᠨ ᠲᠥᠪ ᠭᠤᠤᠯᠴᠢ᠂ ᠰᠢᠨᠵᠢᠯᠡᠬᠦ ᠤᠬᠠᠭᠠᠨᠴᠢ᠂ ᠦᠨᠡᠨᠴᠢ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃
   ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠷ ᠳᠠᠮᠵᠢᠭᠤᠯᠤᠨ᠂ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠬᠦᠷᠢᠶᠡᠨ ᠳᠠᠬᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠤᠬᠠᠭᠤᠯᠭ᠎ᠠ ᠬᠥᠮᠦᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃                                       ᠤᠷᠴᠢᠭᠤᠯᠤᠭᠴᠢ᠄ ᠡᠷᠳᠡᠨᠢᠴᠢᠮᠡᠭ                                       ᠬᠢᠨᠠᠭᠴᠢ᠄ ᠰᠤᠷᠤᠨ᠎ᠠ
 
ᠢᠷᠡᠯᠲᠡ᠄ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号