ᠳᠤᠯᠤᠭᠠᠨᠬᠤᠳᠳᠤᠭ ᠰᠤᠮᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
   3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠳᠤᠯᠤᠭᠠᠨᠬᠤᠳᠳᠤᠭ ᠰᠤᠮᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠳᠤ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠢ᠃
   ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃     ᠬᠤᠷᠠᠯ ᠠᠴᠠ᠂ ᠨᠢᠭᠡ ᠳᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠣᠳᠠᠲᠠᠢ ᠠᠳᠬᠤᠵᠤ᠂ ᠨᠠᠮ ᠤᠨ ᠡᠭᠦᠷ ᠤᠨ ᠪᠦᠷᠬᠦᠴᠡ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠢ ᠲᠦᠷᠦᠯ ᠬᠤᠪᠢᠶᠠᠨ ᠪᠣᠯᠪᠠᠰᠤᠷᠠᠭᠤᠯᠬᠤ ᠶᠢ ᠴᠢᠩᠭ᠎ᠠ ᠠᠳᠬᠤᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠠᠪᠤᠨ ᠰᠠᠶᠢᠨᠲᠠᠶ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠂ ᠲᠤᠬᠠᠶᠢᠯᠠᠪᠠᠯ ᠨᠢᠭᠡ ᠪᠦᠯᠦᠭ ᠬᠡᠷᠡᠭ ᠤᠨ ᠵᠢᠱᠢᠶ᠎ᠡ ᠶᠢ ᠰᠠᠶᠢᠲᠤᠷ ᠵᠠᠳᠠᠯᠵᠤ᠂ ᠨᠢᠭᠡ ᠪᠦᠯᠦᠭ ᠰᠤᠷᠤᠯᠴᠠᠬᠤ ᠲᠥᠯᠥᠪᠯᠡᠭᠡ ᠶᠢ ᠰᠠᠶᠢᠲᠤᠷ ᠲᠣᠭᠲᠠᠭᠠᠵᠤ᠂ ᠨᠢᠭᠡ ᠪᠦᠯᠦᠭ ᠠᠰᠠᠭᠤᠳᠠᠯ ᠤᠨ ᠨᠠᠷᠢᠨ ᠳᠠᠩᠰᠠ ᠶᠢ ᠰᠠᠶᠢᠲᠤᠷ ᠪᠦᠷᠢᠯᠳᠦᠭᠦᠯᠵᠦ᠂ ᠨᠢᠭᠡ ᠢᠵᠢ ᠳᠦᠷᠢᠮ ᠤᠨ ᠰᠢᠰᠲ᠋ᠧᠮ ᠢ ᠰᠠᠶᠢᠲᠤᠷ ᠲᠡᠭᠦᠯᠳᠡᠷᠵᠢᠭᠦᠯᠵᠦ᠂ ᠨᠢᠭᠡ ᠰᠠᠯᠠᠭ᠎ᠠ ᠰᠤᠷᠲᠠᠯ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠡᠩᠨᠡᠭᠡ ᠶᠢ ᠰᠠᠶᠢᠲᠤᠷ ᠪᠠᠶᠢᠭᠤᠯᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠶᠠᠰᠤ ᠴᠢᠨᠠᠷ ᠲᠠᠢ᠂ ᠪᠠᠶᠢᠴᠠᠭᠠᠯᠲᠠ ᠶᠢᠨ ᠡᠷᠴᠢᠮ ᠲᠠᠢ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃                                     ᠤᠷᠴᠢᠭᠤᠯᠤᠭᠴᠢ᠄ ᠡᠷᠳᠡᠨᠢᠴᠢᠮᠡᠭ                                     ᠬᠢᠨᠠᠭᠴᠢ᠄ ᠰᠤᠷᠤᠨ᠎ᠠ
 
ᠢᠷᠡᠯᠲᠡ᠄ ᠳᠤᠯᠤᠭᠠᠨᠬᠤᠳᠳᠤᠭ ᠰᠤᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号