ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠯᠢᠦ ᠹᠸᠢ ᠮᠢᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/27
   3 ᠰᠠᠷ᠎ᠠ ᠶᠢᠨ 26 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠹᠸᠢ ᠮᠢᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ︵ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠥᠬᠡᠶ︶ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠰᠢᠤ ᠴᠢᠩ ᠶᠠᠷᠢᠯᠴᠠᠬᠤ ᠬᠤᠷᠠᠯ ᠢ ᠡᠷᠭᠢᠯᠡᠪᠡ᠃
   ᠶᠠᠷᠢᠯᠴᠠᠬᠤ ᠬᠤᠷᠠᠯ ᠳᠡᠭᠡᠷ᠎ᠡ᠂ ᠸᠠᠩ ᠶᠦᠩ ᠹᠧᠩ ᠪᠥᠬᠦ ᠬᠤᠰᠢᠭᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠵᠢᠴᠢ ᠥᠷᠢ ᠥᠭᠴᠡᠭᠡᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠬᠡᠷᠡᠭᠲᠡᠶ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠬᠦ ᠬᠡᠷᠡᠭᠲᠡᠢ︔ ᠮᠡᠳᠡᠭᠡ ᠵᠠᠩᠭᠢᠵᠢᠯᠲᠠ᠂ ᠵᠢᠷᠤᠮᠵᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠸᠠᠩ ᠶᠦᠩ ᠹᠧᠩ᠂ ᠸᠠᠩ ᠬᠤᠩ᠂ ᠬᠤᠲᠠ ᠶᠢᠨ ᠠᠷᠠᠳ ᠤᠨ ᠲᠥᠯᠥᠭᠡᠯᠡᠭᠴᠢ ᠭᠦᠩ ᠵᠢᠶᠠᠨ ᠵᠢᠶᠦ᠋ᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                           ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠸᠠᠩ ᠱᠤ᠋ ᠸᠧᠨ                          ᠤᠷᠴᠢᠭᠤᠯᠤᠭᠴᠢ᠄ ᠰᠤᠷᠤᠨ᠎ᠠ                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号