ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠬᠢᠵᠢᠭ ᠰᠡᠷᠭᠡᠶᠢᠯᠡᠭᠴᠢ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
   3 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠴᠢ ᠬᠢᠵᠢᠭ ᠰᠡᠷᠭᠡᠶᠢᠯᠡᠭᠴᠢ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠪᠠᠶᠢᠷᠢᠯᠠᠭᠤᠯᠵᠤ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠳᠡᠳ᠋ ᠬᠤᠰᠢᠭᠤᠨ ᠳᠠᠷᠤᠭ᠎ᠠ ᠷᠧᠨ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠤᠮᠤ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢᠨ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ 186 ᠲᠣᠰᠬᠤᠨ ᠤ ᠱᠠᠲᠤᠨ ᠤ ᠬᠢᠵᠢᠭ ᠢ ᠰᠡᠷᠭᠡᠶᠢᠯᠡᠭᠴᠢ ᠬᠤᠷᠠᠯ ᠳᠤ ᠣᠷᠣᠯᠴᠠᠵᠠᠶ᠃
   ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠪᠠᠶᠢᠳᠠᠯ ᠬᠢᠭᠡᠳ ᠲᠥᠯᠥᠪᠯᠡᠭᠡ ᠶᠢ ᠮᠡᠳᠡᠭᠳᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2025 ᠣᠨ ᠤ ᠬᠠᠪᠤᠷ ᠤᠨ ᠰᠡᠷᠭᠡᠶᠢᠯᠡᠯᠲᠡ ᠶᠢᠨ ᠡᠭᠦᠷᠭᠡ ᠶᠢ ᠪᠠᠶᠢᠷᠢᠯᠠᠭᠤᠯᠪᠠ᠃ ᠷᠧᠨ ᠯᠢ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠣᠯᠠᠨ ᠡᠭᠦᠰᠴᠦ᠂ ᠮᠠᠯ ᠠᠵᠤ ᠠᠬᠤᠶ ᠶᠢᠨ ᠬᠥᠭᠵᠢᠯᠲᠡ᠂ ᠣᠯᠠᠨ ᠲᠦᠮᠡᠨ ᠤ ᠡᠷᠡᠭᠦᠯ ᠮᠡᠨᠳᠦ ᠪᠣᠯᠤᠨ ᠨᠡᠶᠢᠭᠡᠮ ᠤᠨ ᠲᠣᠭᠲᠠᠭᠤᠨ ᠪᠠᠶᠢᠳᠠᠯ ᠳᠤ ᠰᠡᠷᠭᠡᠶᠢᠯᠡᠨ ᠡᠵᠡᠮᠳᠡᠵᠦ᠂ ᠡᠯ᠎ᠡ ᠰᠤᠮᠤ ᠰᠢᠶᠠᠩ ᠪᠠᠯᠭᠠᠰᠤ ᠪᠠᠶᠢᠳᠠᠯ ᠢ ᠲᠣᠳᠣᠷᠬᠠᠶ ᠲᠠᠨᠢᠵᠤ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠯ ᠠᠵᠤ ᠠᠬᠤᠶ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃    ᠬᠤᠷᠠᠯ ᠤᠨ ᠳᠠᠷᠠᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠬᠢᠵᠢᠭ ᠢ ᠰᠡᠷᠭᠡᠶᠢᠯᠡᠬᠦ ᠴᠠᠭᠠᠰᠤ ᠦᠭᠡᠢ ᠰᠢᠰᠲ᠋ᠧᠮ ᠢ ᠣᠷᠣᠭᠤᠯᠤᠨ ᠠᠪᠴᠢᠷᠠᠬᠤ᠂ ᠦᠬᠡᠷ ᠬᠤᠨᠢᠨ ᠤ ᠲᠠᠯᠠᠪᠠᠶ ᠶᠢ ᠴᠡᠪᠡᠷᠰᠢᠭᠦᠯᠬᠦ ᠵᠢᠴᠢ ᠡᠭᠡᠯᠢᠯᠡᠭᠡ ᠶᠢᠨ ᠲᠠᠰ ᠳᠠᠷᠠᠭᠠᠯᠠᠯ ᠤᠨ ᠲᠣᠭᠤᠷᠢᠨ ᠳᠤ ᠵᠢᠭᠠᠨ ᠰᠤᠷᠭᠠᠯᠲᠠ ᠥᠷᠨᠢᠭᠦᠯᠵᠦ᠂ ᠬᠢᠵᠢᠭ ᠢ ᠰᠡᠷᠭᠡᠶᠢᠯᠡᠭᠴᠢ ᠶᠢᠨ ᠲᠣᠭᠠᠴᠢᠯᠠᠭᠰᠠᠨ ᠪᠠᠭᠠᠵᠢ ᠶᠢ ᠡᠵᠡᠮᠰᠢᠬᠦ ᠳᠤ ᠬᠦᠴᠦᠨ ᠨᠡᠮᠡᠷᠢᠯᠡᠵᠦ᠂ ᠬᠢᠵᠢᠭ ᠢ ᠰᠡᠷᠭᠡᠶᠢᠯᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠬᠢᠵᠢᠭ ᠰᠡᠷᠭᠡᠶᠢᠯᠡᠭᠴᠢ ᠳᠤ ᠸᠠᠺᠼᠢᠨ ᠬᠤᠪᠢᠶᠠᠨ ᠥᠭᠭᠦᠨ᠎ᠡ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2025 ᠣᠨ ᠤ ᠬᠠᠪᠤᠷ ᠤᠨ ᠰᠡᠷᠭᠡᠶᠢᠯᠡᠯᠲᠡ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠠᠢ᠃ ᠬᠤᠶᠢᠰᠢᠳᠠ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠳᠤ ᠬᠦᠴᠦᠨ ᠨᠡᠮᠡᠷᠢᠯᠡᠬᠦ ᠪᠠ ᠪᠥᠬᠦ ᠠᠷᠠᠳ ᠢᠶᠠᠷ ᠢᠶᠠᠨ ᠣᠷᠣᠯᠴᠠᠬᠤ ᠪᠠᠷ ᠳᠠᠮᠵᠢᠭᠤᠯᠤᠨ᠂ ᠬᠠᠪᠤᠷ ᠤᠨ ᠰᠡᠷᠭᠡᠶᠢᠯᠡᠯᠲᠡ ᠶᠢᠨ ᠠᠮᠤᠷ ᠲᠦᠪᠰᠢᠨ ᠤ ᠲᠣᠤᠷ ᠢ ᠪᠠᠬᠢᠵᠢᠭᠦᠯᠵᠦ᠂ ᠮᠠᠯ ᠵᠢᠭᠦᠷᠲᠡᠨ ᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃                                  ᠵᠣᠬᠢᠶᠠᠭᠴᠢ᠄ ᠰᠦᠨ ᠯᠢ ᠨᠠ                                 ᠴᠢᠮᠡᠭᠡᠯᠡᠭᠴᠢ᠄ ᠯᠢ ᠷᠦᠩ ᠰᠢᠨ                                 ᠤᠷᠴᠢᠭᠤᠯᠤᠭᠴᠢ᠄ ᠰᠤᠷᠤᠨ᠎ᠠ                                 ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号