ᠰᠤᠷᠭᠠᠭᠤᠯᠢ ᠶᠢᠨ ᠬᠦᠷᠢᠶᠡᠨ ᠳᠤ ᠤᠰᠤ ᠠᠷᠪᠢᠯᠠᠬᠤ ᠦᠷ᠎ᠡ ᠶᠢ ᠰᠠᠴᠤᠵᠤ᠂ ᠰᠤᠷᠤᠭᠴᠢᠳ ᠤᠨ ᠤᠰᠤᠨ ᠤ | ᠡᠬᠢ ᠪᠠᠶᠠᠯᠢᠭ ᠢ ᠨᠠᠨᠳᠢᠩᠨᠠᠬᠤ ᠤᠬᠠᠮᠰᠠᠷ ᠢ ᠬᠥᠮᠦᠵᠢᠭᠦᠯᠵᠦ᠂ ᠤᠰᠤ ᠠᠷᠪᠢᠯᠠᠬᠤ ᠶᠢ ᠪᠥᠬᠦ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠤᠨ ᠳᠠᠳᠬᠠᠯ ᠪᠣᠯᠭᠠᠬᠤ ᠶᠢᠨ ᠲᠥᠯᠥᠭᠡ᠂ 2025 ᠣᠨ ᠤ 3 | ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠨᠢᠭᠡᠳᠦᠭᠡᠷ ᠪᠠᠭ᠎ᠠ | ᠰᠤᠷᠭᠠᠭᠤᠯᠢ ︽ᠤᠰᠤ ᠠᠷᠪᠢᠯᠠᠵᠤ ᠤᠰᠤ ᠬᠠᠮᠠᠭᠠᠯᠠᠬᠤ ᠪᠠᠭ᠎ᠠ ᠬᠤᠰᠢᠭᠤᠴᠢ ᠪᠣᠯᠬᠤ ᠪᠠᠷ ᠴᠢᠷᠮᠠᠶᠢᠬᠤ︾ ᠶᠠᠷᠢᠶᠠᠨ ᠤ | ᠤᠷᠤᠯᠳᠤᠭᠠᠨ ᠥᠷᠨᠢᠭᠦᠯᠪᠡ᠃ | | | | | | | | ᠤᠷᠤᠯᠳᠤᠭᠠᠨ ᠠᠴᠠ ᠡᠮᠦᠨ᠎ᠡ᠂ ᠪᠠᠭᠰᠢ ᠨᠠᠷ ᠤᠨ ᠨᠠᠷᠢᠨ ᠨᠢᠮᠪᠠᠢ ᠵᠢᠯᠤᠭᠤᠳᠤᠯᠭ᠎ᠠ ᠳᠣᠣᠷ᠎ᠠ᠂ ᠤᠷᠤᠯᠳᠤᠭᠠᠨ ᠳᠤ | ᠣᠷᠣᠯᠴᠠᠭᠰᠠᠨ ᠰᠤᠷᠤᠭᠴᠢᠳ ᠢᠳᠡᠪᠬᠢᠲᠡᠢ ᠪᠠᠷ ᠤᠷᠤᠯᠳᠤᠭᠠᠨ ᠳᠤ ᠪᠡᠯᠡᠳᠬᠡᠵᠦ᠂ ᠨᠢᠭᠡ ᠨᠢᠭᠡ ᠪᠠᠷ ᠢᠶᠠᠨ ᠴᠤᠭ | ᠵᠢᠪᠬᠤᠭ᠎ᠠ ᠲᠡᠭᠦᠯᠳᠡᠷ᠂ ᠢᠲᠡᠭᠡᠯ ᠲᠡᠭᠦᠯᠳᠡᠷ ᠪᠠᠶᠢᠯ᠎ᠠ᠃ ᠤᠷᠤᠯᠳᠤᠭᠠᠨ ᠤ ᠳᠤᠮᠳᠠ᠂ ᠳᠡᠭᠡᠷ᠎ᠡ ᠣᠨ ᠤ | ᠤᠷᠤᠯᠳᠤᠭᠠᠨ ᠳᠤ ᠣᠷᠣᠯᠴᠠᠭᠰᠠᠳ ᠭᠡᠰᠡᠨ ᠦᠭᠡᠢ᠂ ᠪᠠᠰᠠ ᠳᠣᠣᠷ᠎ᠠ ᠣᠨ ᠤ ᠤᠷᠤᠯᠳᠤᠭᠠᠨ ᠳᠤ ᠣᠷᠣᠯᠴᠠᠭᠰᠠᠳ | ᠭᠡᠰᠡᠨ ᠦᠭᠡᠢ ᠴᠥᠮ ᠰᠤᠷᠤᠭᠴᠢᠳ ᠲᠤ ᠤᠰᠤᠨ ᠤ ᠡᠬᠢ ᠪᠠᠶᠠᠯᠢᠭ ᠢ ᠠᠷᠪᠢᠯᠠᠬᠤ ᠲᠤᠬᠠᠢ ᠭᠦᠨᠵᠡᠭᠡᠢ | ᠣᠶᠢᠯᠠᠭᠠᠯᠲᠠ ᠶᠢ ᠦᠵᠡᠭᠦᠯᠪᠡ᠃ ᠲᠡᠳᠡ ᠪᠣᠷᠣᠭᠵᠢᠭᠤᠨ ᠪᠥᠭᠡᠳ ᠬᠦᠴᠦᠲᠡᠶ ᠦᠭᠡ ᠬᠡᠯᠡ ᠪᠠᠷ ᠣᠯᠠᠨ ᠢ | ᠤᠷᠢᠶᠠᠯᠠᠪᠠ᠄ ᠰᠤᠷᠤᠭᠴᠢᠳ ᠳᠡᠯᠡᠬᠡᠶ ᠳ᠋ᠠᠬᠢᠨ ᠢ ᠠᠮᠤᠷ ᠲᠠᠶᠢᠪᠤᠩ ᠪᠠᠶᠢᠯᠭᠠᠬᠤ ᠶᠢᠨ ᠲᠥᠯᠥᠭᠡ᠂ ᠪᠢᠳᠡ ᠭᠠᠷ ᠤᠨ | ᠠᠶ᠎ᠠ ᠪᠠᠷ ᠤᠰᠤᠨ ᠤ ᠬᠤᠭᠤᠯᠠᠢ ᠠᠴᠠ ᠡᠬᠢᠯᠡᠨ᠂ ᠤᠰᠤ ᠶᠢ ᠠᠷᠪᠢᠯᠠᠨ ᠬᠡᠷᠡᠭᠯᠡᠵᠦ᠂ ᠬᠤᠪᠣᠷ ᠨᠠᠨᠳᠢᠨ ᠤᠰᠤᠨ ᠤ | ᠡᠬᠢ ᠪᠠᠶᠠᠯᠢᠭ ᠢ ᠰᠠᠬᠢᠨ ᠬᠠᠮᠠᠭᠠᠯᠠᠪᠠ᠃ | | ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠰᠢᠯᠭᠠᠷᠠᠭᠤᠯᠬᠤ ᠺᠣᠮᠢᠰ ᠤᠨ ᠪᠠᠭᠰᠢ ᠠᠴᠠ ᠱᠠᠩᠨᠠᠯ ᠣᠯᠤᠭᠰᠠᠨ | ᠰᠤᠷᠤᠭᠴᠢᠳ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠠᠷᠳᠠᠭᠤᠯᠪᠠ᠃ ᠱᠠᠩᠨᠠᠯ ᠠᠪᠬᠤ | ᠲᠠᠶᠢᠰᠠᠨ ᠳᠡᠭᠡᠷ᠎ᠡ᠂ ᠰᠤᠷᠤᠭᠴᠢᠳ ᠢᠨᠢᠶᠡᠮᠰᠦᠭᠯᠡᠨ ᠠᠯᠬᠤᠵᠤ᠂ ᠠᠯᠬᠤᠭ᠎ᠠ ᠡᠷᠴᠢᠮᠲᠡᠶ ᠪᠠᠶᠢᠵᠤ᠂ ᠡᠨᠡ ᠤᠳᠠᠭᠠᠨ ᠤ | ᠤᠷᠤᠯᠳᠤᠭᠠᠨ ᠨᠢ ᠲᠡᠳᠡᠨ ᠳᠤ ᠶᠡᠷᠦ ᠪᠤᠰᠤ ᠶᠢᠨ ᠠᠴᠢ ᠬᠤᠯᠪᠣᠭᠳᠠᠯ ᠲᠠᠢ ᠭᠡᠳᠡᠭ ᠢ ᠦᠵᠡᠵᠦ ᠭᠠᠷᠬᠤ ᠳᠤ ᠬᠦᠴᠢᠷ | ᠪᠢᠰᠢ ᠶᠤᠮ᠃ ᠡᠨᠡ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠳᠠᠮᠵᠢᠨ᠂ ᠰᠤᠷᠤᠭᠴᠢᠳ ᠤᠨ ᠶᠠᠷᠢᠶ᠎ᠠ | ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠪᠠᠭᠰᠢ | ᠰᠤᠷᠤᠭᠴᠢᠳ ᠲᠤ ᠤᠰᠤ ᠠᠷᠪᠢᠯᠠᠬᠤ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠤᠭᠰᠠᠨ | ᠪᠠᠶᠢᠨ᠎ᠠ᠃ | | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |