ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/31
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠪᠣᠯᠵᠤ᠂ ᠬᠠᠩᠰᠢ ᠶᠢᠨ ᠡᠳᠦᠷ ᠴᠦ ᠬᠦᠷᠴᠦ ᠢᠷᠡᠬᠦ ᠪᠥᠭᠡᠳ ᠠᠭᠠᠷ ᠤᠨ ᠳᠤᠯᠠᠭᠠᠨ ᠳᠡᠭᠡᠭᠰᠢᠯᠡᠵᠦ᠂ ᠭᠠᠩ ᠬᠠᠭᠤᠷᠠᠶ ᠪᠣᠳᠠᠰ ᠭᠠᠩ ᠬᠠᠭᠤᠷᠠᠶ᠂ ᠶᠡᠭᠡ ᠰᠠᠯᠬᠢ ᠰᠠᠯᠬᠢᠯᠠᠵᠤ᠂ ᠭᠠᠯ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ ᠪᠠᠶᠢᠨ᠎ᠠ᠃ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠷᠠᠳ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠮᠰᠠᠷ ᠪᠠ ᠠᠮᠤᠷ ᠲᠦᠪᠰᠢᠨ ᠢᠶᠠᠷ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ ᠶᠤᠮ᠃ 3 ᠰᠠᠷ᠎ᠠ ᠶᠢᠨ 28 ᠤ ᠡᠳᠦᠷ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠴᠠᠬᠠᠷ ᠠᠭᠤᠳᠠᠮ ᠲᠠᠯᠠᠪᠠᠶ ᠳᠤ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠬᠤ ᠠᠵᠢᠯᠲᠠᠳ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠬᠢᠵᠦ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ︽ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢᠨ ᠢᠷᠡᠯᠲᠡ ᠶᠢ ᠠᠳᠬᠤᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠣᠯ ᠵᠠᠩᠭᠢᠯᠠᠭ᠎ᠠ ᠮᠥᠨ︾ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 200 ᠭᠠᠷᠤᠶ ᠳᠡᠪᠲᠡᠷ᠂ 300 ᠭᠠᠷᠤᠶ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃                      ᠵᠣᠬᠢᠶᠠᠭᠴᠢ᠄ ᠡᠬᠡ ᠪᠢᠴᠢᠭ ᠬᠠᠩᠭᠠᠭᠴᠢ᠄ ᠪᠠᠶ ᠲᠤᠤ᠂ ᠺᠠᠩ ᠰᠢᠤᠸᠠᠢ ᠹᠧᠩ                     ᠤᠷᠴᠢᠭᠤᠯᠤᠭᠴᠢ᠄ ᠰᠤᠷᠤᠨ᠎ᠠ                     ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号