3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠶᠦᠩ ᠹᠧᠩ ᠨᠠᠷ ᠬᠤᠳᠠᠯᠳᠤᠭᠠᠨ ᠤ ᠬᠡᠲᠦ ᠳᠡᠯᠭᠡᠭᠦᠷ ᠵᠢᠴᠢ | ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠳᠡᠯᠭᠡᠭᠦᠷ ᠲᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ | ᠪᠠᠶᠢᠴᠠᠭᠠᠯᠲᠠ ᠬᠢᠪᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃ | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠢ ᠵᠢᠶᠠ ᠮᠧᠶ ᠬᠡᠲᠦ ᠳᠡᠯᠭᠡᠭᠦᠷ ᠪᠣᠯᠤᠨ ᠯᠢᠦ ᠶᠠᠩ | ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠲᠤ ᠬᠦᠷᠴᠦ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠰᠢᠯᠭᠠᠬᠤ᠂ | ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠭᠡᠨ ᠤ ᠲᠦᠭᠦᠬᠡᠶ ᠮᠠᠲ᠋ᠧᠷᠢᠶᠠᠯ | ᠬᠤᠳᠠᠯᠳᠤᠨ ᠠᠪᠴᠤ ᠬᠠᠳᠠᠭᠠᠯᠠᠬᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠵᠡᠷᠭᠡ ᠢᠳᠡᠭᠡᠨ ᠤ ᠠᠮᠤᠷ ᠲᠦᠪᠰᠢᠨ ᠤ | ᠭᠤᠭᠴᠤᠭ᠎ᠠ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠭᠠᠯ ᠤᠨᠲᠠᠷᠠᠭᠠᠬᠤ ᠪᠡᠯᠡᠳᠬᠡᠮᠵᠢ ᠶᠢ | ᠳᠣᠭᠢᠷᠠᠭᠤᠯᠬᠤ᠂ ᠴᠠᠬᠢᠯᠭᠠᠨ ᠬᠡᠯᠬᠢᠶ᠎ᠡ ᠶᠢᠨ ᠠᠮᠤᠷ ᠲᠦᠪᠰᠢᠨ ᠢᠶᠠᠷ ᠠᠵᠢᠯᠯᠠᠬᠤ᠂ ᠪᠠᠴᠢᠮ ᠪᠠᠶᠢᠳᠠᠯ ᠢ ᠠᠷᠭᠠᠴᠠᠬᠤ | ᠵᠠᠮ ᠢ ᠰᠠᠭᠠᠳ ᠥᠬᠡᠶ ᠨᠡᠪᠲᠡᠷᠡᠭᠦᠯᠬᠦ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ | ᠬᠤᠸᠠᠷ ᠫᠤᠤᠵᠢᠩ ᠬᠥᠮᠥᠷᠭᠡᠯᠡᠨ ᠬᠠᠳᠠᠭᠠᠯᠠᠬᠤ ᠨᠥᠬᠦᠴᠡᠯ᠂ ᠪᠣᠷᠣᠯᠠᠭᠤᠯᠬᠤ ᠬᠢᠷᠢ ᠬᠡᠮ ᠵᠢᠴᠢ ᠠᠮᠤᠷ ᠲᠦᠪᠰᠢᠨ ᠤ | ᠰᠡᠷᠡᠮᠵᠢ ᠶᠢᠨ ᠲᠡᠮᠳᠡᠭ ᠲᠣᠬᠢᠷᠠᠭᠤᠯᠬᠤ ᠵᠡᠷᠭᠡ ᠠᠶᠤᠯ ᠲᠦᠭᠰᠢᠭᠦᠷᠢ ᠶᠡᠬᠡᠲᠡᠶ ᠭᠤᠭᠴᠤᠭ᠎ᠠ ᠳᠤ ᠴᠢᠭᠯᠡᠭᠦᠯᠦᠨ᠂ | ᠪᠠᠶᠢᠴᠠᠭᠠᠬᠤ ᠳᠤᠭᠤᠶᠢᠯᠠᠩ ᠲᠤᠰᠬᠠᠶᠢᠵᠢᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ | | ᠪᠠᠶᠢᠴᠠᠭᠠᠬᠤ ᠶᠠᠪᠤᠴᠠ ᠳᠤ᠂ ᠸᠠᠩ ᠶᠦᠩ ᠹᠧᠩ ᠠᠴᠠ᠄ ︽ᠠᠶᠤᠯᠭᠦᠢ ᠦᠢᠯᠡᠳᠪᠦᠷᠢᠯᠡᠯ ᠪᠣᠯ ᠠᠷᠠᠳ ᠤᠨ | ᠠᠮᠢᠳᠤᠷᠠᠯ ᠤᠨ ᠦᠨᠳᠦᠰᠦ ᠮᠥᠨ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠬᠥᠳᠡᠯᠦᠩᠭᠦᠢ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠤ ᠲᠡᠷᠡ ᠡᠯ᠎ᠡ | ᠡᠵᠡᠩᠨᠡᠯᠲᠡ ᠶᠢᠨ ᠭᠤᠤᠯ ᠴᠣᠭᠴᠠ ᠶᠢ ᠳᠠᠯᠳᠠ ᠭᠡᠮ ᠤᠨ ᠠᠰᠠᠭᠤᠳᠠᠯ ᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ | ᠳᠠᠷᠤᠶ ᠳᠤᠨᠢ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ︔ ᠡᠭᠦᠨ ᠤ ᠬᠠᠮᠲᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠢ ᠬᠠᠮᠲᠤᠷᠠᠨ ᠬᠠᠤᠯᠢ ᠬᠡᠷᠡᠭᠵᠢᠭᠦᠯᠬᠦ ᠪᠠᠨ | ᠴᠢᠩᠭᠠᠳᠬᠠᠵᠤ᠂ ︽ᠳᠥᠷᠪᠡᠨ ᠦᠭᠡᠢ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠳᠠᠮᠵᠢᠭᠤᠯᠤᠨ ︽ᠡᠷᠭᠢᠵᠦ | ᠬᠠᠷᠠᠬᠤ︾ ᠠᠵᠢᠯᠯᠠᠭ᠎ᠠ ᠥᠷᠨᠢᠭᠦᠯᠵᠦ᠂ ᠳᠠᠯᠳᠠ ᠭᠡᠮ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |