ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠨᠢᠭᠤᠴᠠ ᠶᠢ ᠬᠠᠮᠠᠭᠠᠯᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
   ᠪᠥᠬᠦ ᠺᠠᠳ᠋ᠷ ᠠᠵᠢᠯᠲᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠢᠭᠤᠴᠠ ᠶᠢ ᠵᠠᠳᠠᠷᠠᠭᠤᠯᠬᠤ ᠡᠯ᠎ᠡ ᠲᠥᠷᠥᠯ ᠤᠨ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠶᠢᠨ ᠲᠥᠯᠥᠭᠡ᠂ 3 ᠰᠠᠷ᠎ᠠ ᠶᠢᠨ 27 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠨᠢᠭᠤᠴᠠ ᠶᠢ ᠬᠠᠮᠠᠭᠠᠯᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠵᠠᠰᠠᠭ ᠤᠨ ᠶᠠᠪᠤᠳᠠᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃    ᠬᠤᠷᠠᠯ ᠠᠴᠠ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠥᠪᠡᠷᠲᠡᠭᠡᠨ ᠵᠠᠰᠠᠬᠤ ᠣᠷᠣᠨ ᠤ ᠬᠤᠲᠠ ᠬᠤᠰᠢᠭᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠡᠰᠡᠭ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢᠨ ᠲᠤᠬᠠᠶ ᠤᠯᠠᠮᠵᠢᠯᠠᠨ ᠰᠤᠷᠤᠯᠴᠠᠪᠠ᠃
   ᠬᠤᠷᠠᠯ ᠠᠴᠠ᠂ ᠪᠦᠬᠦ ᠺᠠᠳ᠋ᠷ ᠠᠵᠢᠯᠳᠠᠨ ᠠᠵᠢᠯᠴᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠨᠢᠭᠤᠴᠠ ᠶᠢ ᠬᠠᠮᠠᠭᠠᠯᠠᠬᠤ ᠠᠵᠢᠯ ᠢ ᠡᠳᠦᠷ ᠲᠤᠳᠤᠮ ᠤᠨ ᠠᠵᠢᠯ ᠳᠤ ᠲᠤᠤᠱᠯᠠᠭᠤᠯᠵᠤ᠂ ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠵᠢᠷᠤᠮᠯᠠᠵᠤ᠂ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ ᠨᠢ ᠴᠥᠮ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ᠂ ᠲᠥᠪ ᠴᠢᠩᠭ᠎ᠠ ᠴᠢᠨᠠᠷ᠂ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠰᠢᠨ᠎ᠡ ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠠ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠨᠢᠭᠤᠴᠠ ᠶᠢ ᠵᠠᠳᠠᠷᠠᠭᠤᠯᠵᠤ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠡᠬᠢ ᠡᠭᠦᠰᠦᠯ ᠠᠴᠠ ᠨᠢ ᠪᠠᠲᠤ ᠪᠠᠬᠢ ᠪᠠᠶᠢᠭᠤᠯᠬᠤ ᠬᠡᠷᠡᠭᠲᠡᠢ᠃ ᠬᠤᠶᠠᠷ ᠲᠤ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠠᠵᠢᠯ ᠤᠨ ᠲᠣᠭᠲᠠᠴᠠ ᠶᠢ ᠲᠠᠰᠤᠷᠠᠯᠲᠠ ᠤᠢᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠳᠦᠷᠢᠮ ᠪᠠ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠰᠢᠢᠳᠪᠦᠷᠢᠯᠡᠬᠦ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠠᠮᠤᠷ ᠲᠦᠪᠰᠢᠨ ᠢᠶᠠᠷ ᠬᠡᠷᠡᠭᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠵᠠᠳᠠᠷᠠᠬᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ᠃ ᠭᠤᠷᠪᠠ ᠳᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠪᠠᠲᠤᠳᠬᠠᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠠᠮᠢᠶ᠎ᠠ ᠪᠦᠬᠦᠢ ᠮᠡᠳᠡᠯᠭᠡ ᠪᠠ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠬᠤ ᠶᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠠᠭᠤᠰᠬᠠᠵᠤ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠨᠠᠶᠢᠳᠠᠪᠤᠷᠢᠵᠢᠭᠤᠯᠤᠨ᠎ᠠ᠃                                       ᠤᠷᠴᠢᠭᠤᠯᠤᠭᠴᠢ᠄ ᠡᠷᠳᠡᠨᠢᠴᠢᠮᠡᠭ                                       ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号