| ᠵᠠᠩ ᠵᠢᠶᠠᠨ ᠪᠢᠨ ᠰᠤᠷᠪᠤᠯᠵᠢᠯᠠᠬᠤ ᠪᠠᠷ ᠳᠠᠮᠵᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠵᠣᠭᠰᠣᠴᠠ ᠥᠨᠳᠥᠷ᠂ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠤᠯᠠᠭᠠᠨᠴᠠᠪ ᠬᠤᠳᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ ᠳᠤ ᠨᠡᠶᠢᠴᠡᠵᠦ᠂ ᠠᠷᠠᠳ ᠤᠯᠠᠨ ᠤ ᠰᠢᠨ᠎ᠡ ᠱᠠᠭᠠᠷᠳᠠᠯᠭ᠎ᠠ ᠰᠢᠨ᠎ᠡ | ᠬᠦᠰᠡᠯ ᠡᠷᠡᠮᠡᠯᠵᠡᠯ ᠳᠤ ᠨᠡᠶᠢᠴᠡᠵᠦ᠂ ᠮᠠᠨ ᠤ ᠳᠠᠷᠠᠭᠠᠴᠢ ᠶᠢᠨ ᠠᠯᠬᠤᠮ ᠤᠨ ᠠᠵᠢᠯ ᠳᠤ ᠮᠠᠰᠢ ᠴᠢᠩᠭ᠎ᠠ ᠵᠢᠯᠣᠭᠤᠳᠬᠤ | ᠠᠴᠢ ᠬᠤᠯᠪᠣᠭᠳᠠᠯ ᠲᠠᠢ ᠶᠤᠮ︾ ᠭᠡᠵᠦ ᠰᠣᠷᠪᠣᠯᠵᠢᠯᠠᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠰᠤᠷᠪᠤᠯᠵᠢᠯᠠᠭ᠎ᠠ ᠬᠦᠯᠢᠶᠡᠬᠦ ᠳᠡᠭᠡᠨ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠲᠠᠰᠤᠷᠠᠯᠲᠠ ᠥᠬᠡᠶ ᠰᠢᠨ᠎ᠡ | ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠬᠤᠲᠠ ᠶᠢᠨ ᠬᠥᠭᠵᠢᠯᠲᠡ ᠶᠢᠨ ᠶᠡᠭᠡ | ᠲᠠᠯ᠎ᠠ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃ 2025 ᠣᠨ ᠳᠤ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠬᠡᠷᠬᠢᠨ ᠨᠢᠭᠲᠠᠷᠠᠭᠤᠯᠵᠤ᠂ ᠬᠥᠭᠵᠢᠯᠲᠡ ᠶᠢᠨ | ᠢᠲᠡᠭᠡᠯ ᠵᠣᠷᠢᠭ ᠢ ᠬᠥᠪᠴᠢᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠬᠢ ᠶᠢ ᠬᠤᠷᠠᠮᠳᠤᠭᠤᠯᠵᠤ᠂ | ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠴᠣᠭᠴᠠᠯᠠᠬᠤ ᠪᠣᠯᠤᠨ᠎ᠠ᠃ ᠵᠠᠩ ᠵᠢᠶᠠᠨ ᠪᠢᠨ ᠢᠲᠡᠭᠡᠯ ᠳᠦᠭᠦᠷᠡᠩ | ᠢᠯᠡᠷᠬᠡᠶᠢᠯᠡᠬᠦ ᠳᠡᠭᠡᠨ᠂ ᠡᠩ ᠲᠡᠷᠢᠭᠦᠨ ᠳᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠵᠤ ᠠᠵᠤ | ᠠᠬᠤᠶ ᠶᠢ ᠲᠣᠭᠲᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠵᠦ᠂ ᠡᠬᠢ | ᠪᠠᠶᠠᠯᠢᠭ ᠤᠨ ᠳᠠᠪᠠᠭᠤᠯᠢᠭ ᠢ ᠬᠤᠪᠢᠷᠠᠭᠤᠯᠬᠤ ᠶᠢ ᠠᠬᠢᠭᠤᠯᠵᠤ᠂ ᠨᠢᠭᠡ ᠪᠦᠯᠦᠭ ᠴᠢᠨᠠᠷ ᠰᠠᠶᠢᠲᠠᠶ ᠲᠥᠷᠥᠯ ᠵᠦᠢᠯ ᠢ | ᠢᠳᠡᠪᠬᠢᠲᠡᠶ ᠲᠥᠯᠥᠪᠵᠢᠭᠦᠯᠵᠦ᠂ ᠲᠡᠮᠡᠴᠡᠨ ᠣᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠥᠭᠵᠢᠯᠲᠡ ᠶᠢᠨ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠰᠡᠯᠭᠦᠬᠦ ᠬᠦᠴᠦᠨ ᠢ ᠨᠠᠩ ᠴᠢᠩᠭ᠎ᠠ ᠪᠣᠯᠭᠠᠬᠤ | ᠬᠡᠷᠡᠭᠲᠡᠶ ᠭᠡᠵᠡᠶ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ | ᠲᠦᠷᠭᠡᠳᠬᠡᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠵᠢᠩ ᠨᠸᠡᠭ᠂ ᠮᠧᠩ ᠨᠧᠩ ᠵᠡᠷᠭᠡ ᠨᠢᠭᠡ | ᠪᠦᠯᠦᠭ ᠰᠢᠨ᠎ᠡ ᠡᠨᠧᠷᠭᠢ ᠶᠢᠨ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠵᠤ᠂ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠪᠥᠬᠦ ᠵᠢᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 33 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ | ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠭᠠᠯᠲᠤ ᠠᠭᠤᠯᠠ ᠠᠪᠠᠷᠢᠬᠤ᠂ | ᠲᠠᠯ᠎ᠠ ᠨᠤᠲᠤᠭ ᠢᠶᠠᠷ ᠵᠤᠭᠠᠴᠠᠬᠤ᠂ ᠣᠳᠣᠨ ᠣᠭᠲᠠᠷᠭᠤᠢ ᠶᠢ ᠰᠣᠨᠢᠷᠬᠠᠬᠤ᠂ ᠬᠠᠯᠠᠭᠤᠨ ᠷᠠᠰᠢᠶᠠᠨ ᠲᠤ ᠰᠠᠭᠤᠬᠤ | ᠵᠡᠷᠭᠡ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠰᠣᠶᠣᠯ ᠵᠤᠭᠠᠴᠠᠯ ᠤᠨ ᠬᠡᠷᠡᠭᠯᠡᠭᠡᠨ ᠤ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠡᠳᠬᠢᠯ ᠲᠠᠯᠪᠢᠨ ᠦᠨᠡᠨ | ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ | ᠠᠮᠢᠳᠤᠷᠠᠯ ᠤᠨ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠨᠠᠭᠰᠢᠳᠠ ᠴᠢᠩᠭᠠᠳᠬᠠᠵᠤ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠤᠯᠠᠨ ᠠᠷᠭ᠎ᠠ ᠵᠠᠮ ᠢᠶᠠᠷ ᠥᠷᠨᠢᠭᠦᠯᠵᠦ᠂ ᠤᠯᠠᠨ ᠲᠦᠮᠡᠨ ᠤ | ᠲᠣᠭᠲᠠᠭᠤᠨ ᠢᠶᠠᠷ ᠠᠵᠢᠯ ᠣᠯᠭᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠠᠷᠠᠳ ᠤᠯᠠᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠦᠴᠢᠷ | ᠶᠠᠪᠤᠳᠠᠯ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ ᠡᠯ᠎ᠡ ᠲᠥᠷᠥᠯ ᠤᠨ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠣᠯᠠᠨ ᠲᠦᠮᠡᠨ ᠢ ᠨᠠᠩ ᠵᠣᠯ ᠵᠢᠷᠭᠠᠯ ᠲᠠᠢ᠂ | ᠨᠠᠩ ᠴᠢᠨᠠᠷ ᠰᠠᠶᠢᠲᠠᠶ ᠠᠮᠢᠳᠤᠷᠠᠭᠤᠯᠬᠤ ᠪᠠᠷ ᠴᠢᠷᠮᠠᠶᠢᠬᠤ ᠬᠡᠷᠡᠭᠲᠡᠶ᠃ ᠬᠤᠷᠢᠭ᠎ᠠ ᠱᠤᠭᠤᠮ ᠢ ᠡᠷᠡᠰ ᠭᠤᠶᠢᠪᠢᠰᠢ | ᠦᠭᠡᠢ ᠰᠠᠬᠢᠵᠤ ᠠᠮᠤᠷ ᠲᠦᠪᠰᠢᠨ ᠢ ᠪᠠᠲᠤᠯᠠᠵᠤ᠂ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡ᠂ | ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠢᠳᠡᠪᠬᠢᠲᠡᠢ | ᠰᠡᠷᠭᠡᠶᠢᠯᠡᠨ ᠠᠷᠢᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠦᠬᠦ | ᠨᠡᠶᠢᠭᠡᠮ ᠤᠨ ᠡᠯ᠎ᠡ ᠬᠦᠷᠢᠶᠡᠨ ᠤ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠡᠷᠡᠭᠵᠢᠭᠦᠯᠵᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠬᠡᠯᠪᠡᠷᠢ ᠶᠢ ᠰᠠᠨᠠᠭᠠᠴᠢᠯᠠᠵᠤ᠂ ᠠᠵᠤ ᠠᠬᠤᠢ ᠶᠢᠨ ᠬᠥᠭᠵᠢᠯᠲᠡ ᠶᠢᠨ ︽ᠠᠯᠲᠠᠨ ᠤ ᠠᠭᠤᠯᠤᠭᠳᠠᠴᠠ︾ ᠪᠠ ︽ | ᠨᠣᠭᠤᠭᠠᠨ ᠠᠭᠤᠯᠤᠭᠳᠠᠴᠠ︾ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ 2025 ᠤᠨ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ᠃ ᠵᠠᠩ ᠵᠢᠶᠠᠨ ᠪᠢᠨ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠬᠥᠭᠵᠢᠯᠲᠡ ᠶᠢᠨ ᠬᠡᠷᠡᠭᠴᠡᠭᠡ᠂ ᠵᠠᠰᠠᠭ ᠤᠨ ᠣᠷᠳᠣᠨ ᠤ ᠴᠢᠳᠠᠪᠤᠷᠢ᠂ ᠣᠯᠠᠨ | ᠲᠦᠮᠡᠨ ᠤ ᠬᠦᠰᠡᠯ᠂ ᠠᠵᠢᠯ ᠤᠨ ᠬᠠᠨᠳᠤᠰᠢ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ | ᠳᠠᠪᠠᠭᠤᠯᠢᠭ ᠢᠶᠠᠷ ᠢᠶᠠᠨ ᠶᠠᠰᠤ ᠴᠢᠨᠠᠷ ᠦᠷ᠎ᠡ ᠪᠦᠲᠦᠮᠵᠢ ᠶᠢ ᠨᠡᠮᠡᠭᠳᠡᠭᠦᠯᠵᠦ᠂ ᠰᠢᠨ᠎ᠡ ᠶᠢ ᠡᠭᠦᠳᠬᠦ ᠪᠠᠷ ᠰᠢᠪᠲᠤᠯᠤᠯᠲᠠ | ᠭᠠᠷᠭᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠪᠠ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ ᠭᠡᠵᠦ ᠪᠠᠲᠤ ᠢᠲᠡᠭᠡᠵᠦ | ᠪᠠᠶᠢᠨ᠎ᠠ᠃ | | | | | ᠵᠣᠬᠢᠶᠠᠭᠴᠢ᠄ ᠰᠤᠷᠪᠤᠯᠵᠢᠯᠠᠭᠴᠢ᠄ ᠯᠢ ᠵᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |