ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ 2025 ᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/4
   2 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠪᠠᠶᠢᠳᠠᠯ ᠢ ᠳ᠋ᠦᠩᠨᠡᠨ ᠵᠠᠳᠠᠯᠵᠤ᠂ ᠪᠥᠬᠦ ᠬᠤᠰᠢᠭᠤᠨ ᠤ 2025 ᠣᠨ ᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃
   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠠᠮᠢᠶ᠎ᠠ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠴᠢᠬᠤᠯᠠ ᠪᠠᠶᠢᠷᠢᠨ ᠳᠤ ᠲᠠᠯᠪᠢᠵᠤ ᠢᠮᠠᠭᠲᠠ ᠠᠳᠬᠤᠬᠤ ᠬᠡᠷᠡᠭᠲᠡᠢ᠃ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢᠶᠠᠷ ᠳᠤᠮᠳᠠ ᠵᠤᠭᠠᠴᠠᠯ ᠳᠤ ᠣᠷᠣᠬᠤ︾ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠪᠣᠯᠤᠨ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃    ᠬᠤᠷᠠᠯ ᠠᠴᠠ ᠪᠠᠰᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠪᠠ ᠤᠢ ᠰᠢᠭᠤᠢ ᠨᠤᠲᠤᠭ ᠪᠡᠯᠴᠢᠭᠡᠷ ᠤᠨ ᠵᠢᠷᠤᠭ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠠᠳᠬᠤᠬᠤ ᠲᠤᠬᠠᠢ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠵᠡᠢ᠃                                ᠵᠣᠬᠢᠶᠠᠭᠴᠢ᠄ ᠹᠧᠩ ᠯᠢ ᠶᠤᠸᠠᠨ                                ᠴᠢᠮᠡᠭᠡᠯᠡᠭᠴᠢ᠄ ᠸᠠᠩ ᡁᠢ ᠸᠧᠨ                                ᠤᠷᠴᠢᠭᠤᠯᠤᠭᠴᠢ᠄ ᠰᠤᠷᠤᠨ᠎ᠠ                                ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号