3 ᠰᠠᠷ᠎ᠠ ᠶᠢᠨ 3 ᠤ ᠡᠳᠦᠷ᠂ ᠲᠡᠮᠦᠷᠲᠡᠢ ᠪᠠᠯᠭᠠᠰᠤ ᠨᠠᠮ ᠵᠠᠰᠠᠭ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ | ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠬᠤᠷᠠᠯ ᠡᠷᠭᠢᠯᠡᠵᠦ᠂ ᠨᠠᠮ ᠵᠠᠰᠠᠭ ᠤᠨ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ | ᠬᠢᠪᠠ᠃ ᠲᠤᠰᠬᠠᠶᠢᠯᠠᠨ ᠵᠠᠰᠠᠬᠤ ᠠᠵᠢᠯ ᠪᠠ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢ ᠲᠦᠷᠭᠡᠳᠬᠡᠵᠦ᠂ | ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠪᠦᠬᠦ ᠤᠯᠤᠰ ᠤᠨ ᠬᠤᠶᠠᠷ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ | ᠃ ᠬᠥᠳᠡᠭᠡ ᠲᠣᠰᠬᠤᠨ ᠤ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠪᠠ ᠡᠯ᠎ᠡ | ᠲᠥᠷᠥᠯ ᠤᠨ ᠪᠠᠯᠠ ᠮᠥᠩᠭᠦ ᠶᠢᠨ ᠬᠡᠷᠡᠭᠯᠡᠯᠲᠡ ᠶᠢ ᠥᠪᠡᠰᠦᠪᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠢᠨᠵᠧᠨᠧᠷᠢᠩ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ | ᠭᠤᠤᠯᠳᠠᠯᠭ᠎ᠠ ᠲᠠᠢ ᠠᠵᠢᠯ ᠤᠨ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠵᠢᠷᠤᠮᠵᠢᠭᠤᠯᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠨᠣᠭᠤᠭᠠᠷᠠᠭᠤᠯᠬᠤ ᠬᠤᠭᠤᠴᠠᠭᠠᠨ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠵᠡᠷᠭᠡ ᠠᠵᠢᠯ ᠢ ᠰᠠᠶᠢᠲᠤᠷ | ᠬᠢᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠡᠮᠴᠢᠯᠡᠭᠡᠨ ᠤ ᠳᠠᠭᠠᠳᠬᠠᠯ᠂ | ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ | ᠲᠥᠯᠥᠪᠵᠢᠭᠦᠯᠬᠦ ᠵᠢᠴᠢ ᠡᠬᠢᠯᠡᠭᠦᠯᠬᠦ ᠶᠢ ᠲᠦᠷᠭᠡᠳᠬᠡᠬᠦ ᠬᠡᠷᠡᠭᠲᠡᠢ᠃ ᠬᠤᠷᠠᠯ ᠠᠴᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠩ | ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ | ᠬᠡᠮᠵᠢᠶ᠎ᠡ ᠪᠠᠷ ᠨᠤᠲᠤᠭᠲᠠᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ︕ ᠨᠢᠭᠡ ᠳᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠡᠭᠦᠷ ᠤᠨ | ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ | ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠵᠤ ᠦᠢᠯᠡᠰ ᠤᠨ ᠬᠥᠭᠵᠢᠯᠲᠡ ᠶᠢ ᠳᠤᠪᠤᠶᠢᠯᠭᠠᠵᠤ᠂ ᠠᠯᠠᠰᠢᠨ ᠬᠤᠨᠢ | ᠲᠡᠵᠢᠭᠡᠨ ᠦᠷᠡᠵᠢᠭᠦᠯᠬᠦ ᠪᠠᠷ ᠭᠠᠷᠳᠠᠴᠠ ᠪᠣᠯᠭᠠᠵᠤ᠂ ︽ᠡᠷᠦᠬᠡ ᠪᠦᠷᠢ ᠦᠷᠡᠵᠢᠭᠦᠯᠬᠦ︾ ︽ᠣᠷᠣᠯᠠᠨ ᠲᠡᠵᠢᠭᠡᠵᠦ | ᠨᠠᠶᠢᠳᠠᠨ ᠲᠡᠵᠢᠭᠡᠯᠭᠡᠬᠦ︾ ᠵᠠᠭᠪᠤᠷ ᠢ ᠭᠦᠨᠵᠡᠭᠡᠶᠢᠷᠡᠭᠦᠯᠵᠦ᠂ ᠲᠡᠵᠢᠭᠡᠨ ᠦᠷᠡᠵᠢᠭᠦᠯᠬᠦ ᠳᠤ ᠨᠥᠬᠦᠪᠥᠷᠢ ᠥᠭᠬᠦ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠠᠰᠢᠶ᠎ᠠ ᠰᠠᠷᠠᠪᠴᠢ ᠶᠢᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠬᠥᠭᠵᠢᠭᠦᠯᠬᠦ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ | ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ | ᠰᠠᠭᠤᠷᠢᠯᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠬᠠᠭᠤᠴᠢᠨ ᠬᠦᠷᠢᠶᠡᠯᠡᠩ ᠲᠣᠭᠤᠷᠢᠭ ᠢ ᠪᠥᠬᠦ ᠲᠠᠯ᠎ᠠ ᠪᠠᠷ ᠠᠮᠢᠳᠤᠯᠢᠭ | ᠪᠣᠯᠭᠠᠨ᠎ᠠ᠃ ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠲᠣᠭᠤᠷᠢᠨ ᠳᠤ ᠪᠦᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ | ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠦᠵᠡᠯ ᠤᠬᠠᠮᠰᠠᠷ ᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠰᠤᠷᠲᠠᠯ ᠢ ᠬᠤᠪᠢᠷᠠᠭᠤᠯᠤᠨ᠂ ᠬᠠᠤᠯᠢ ᠬᠡᠷᠡᠭᠵᠢᠭᠦᠯᠬᠦ | ᠰᠠᠬᠢᠯᠭ᠎ᠠ ᠪᠠᠲᠤ ᠶᠢ ᠴᠢᠩᠳᠠᠯᠠᠨ᠎ᠠ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |