ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠥᠷᠨᠢᠭᠦᠯᠵᠦ᠂ ᠡᠷᠬᠢᠮ ᠳᠡᠭᠡᠳᠦ ᠢᠷᠠᠭᠤ ᠠᠯᠳᠠᠷ ᠢᠶᠠᠨ ᠢᠯᠡᠷᠡᠭᠦᠯᠪᠡ
ᠨᠡᠶᠢᠲᠡᠯᠡᠭᠰᠡᠨ ᠴᠠᠭ᠄
2025/3/5
   ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ᠂ ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠪᠢᠶ᠎ᠠ ᠪᠠᠶᠢᠭᠤᠯᠵᠤ ᠱᠠᠩᠨᠠᠯ ᠬᠦᠷᠲᠡᠭᠰᠡᠨ ᠴᠡᠷᠢᠭ ᠤᠨ ᠭᠡᠷ ᠪᠦᠯᠢ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠵᠥᠩᠨᠡᠯ ᠢ ᠬᠦᠷᠭᠡᠪᠡ᠃
   ᠲᠡᠮᠦᠷᠲᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠢᠷᠠᠭᠤ ᠠᠯᠳᠠᠷ ᠢ ᠲᠡᠭᠡᠭᠡᠭᠰᠡᠨ ᠪᠠᠶᠠᠷ ᠤᠨ ᠮᠡᠳᠡᠭᠡ ᠪᠠᠨ ᠠᠪᠴᠤ ᠪᠠᠶᠠᠷ ᠪᠠᠶᠠᠰᠬᠤᠯᠠᠩ ᠲᠠᠢ ᠪᠠᠷ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠲᠤ ᠬᠦᠷᠪᠡ᠃ ᠴᠡᠷᠢᠭ ᠤᠨ ᠭᠡᠷ ᠲᠤ ᠬᠦᠷᠦᠭᠰᠡᠨ ᠤ ᠳᠠᠷᠠᠭ᠎ᠠ ᠴᠡᠷᠢᠭ ᠤᠨ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠶ ᠬᠦᠴᠢᠷᠳᠡᠯ ᠢ ᠨᠠᠷᠢᠨ ᠠᠰᠠᠭᠤᠵᠤ᠂ ᠲᠡᠳᠡᠨ ᠤ ᠤᠯᠤᠰ ᠣᠷᠣᠨ ᠳᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃    ᠲᠣᠰ ᠤᠳᠠᠭᠠᠨ ᠤ ᠪᠠᠶᠠᠷ ᠤᠨ ᠰᠣᠨᠢᠨ ᠬᠦᠷᠭᠡᠬᠦ ᠠᠵᠢᠯᠯᠠᠭ᠎ᠠ ᠨᠢ ᠵᠢᠩᠬᠢᠨᠢ ᠠᠯᠪᠠᠨ ᠤ ᠴᠡᠷᠢᠭ ᠤᠨ ᠭᠠᠪᠢᠶ᠎ᠠ ᠵᠢᠳᠬᠦᠯ ᠢ ᠨᠤᠲᠠᠯᠠᠵᠤ ᠬᠥᠬᠢᠭᠦᠯᠦᠨ ᠰᠠᠶᠢᠰᠢᠶᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠥᠷᠭᠡᠨ ᠣᠯᠠᠨ ᠵᠣᠬᠢᠬᠤ ᠨᠠᠰᠤᠨ ᠤ ᠵᠠᠯᠠᠭᠤᠴᠤᠳ ᠢ ᠤᠷᠮᠠᠰᠢᠭᠤᠯᠤᠨ ᠤᠷᠢᠶᠠᠯᠠᠵᠤ ᠪᠠᠶᠢᠨ᠎ᠠ᠃ ᠡᠨᠡ ᠬᠦ ᠬᠡᠯᠪᠡᠷᠢ ᠪᠠᠷ ᠳᠠᠮᠵᠢᠭᠤᠯᠤᠨ᠂ ᠴᠡᠷᠢᠭ ᠬᠥᠮᠦᠨ ᠴᠡᠷᠢᠭ ᠤᠨ ᠬᠡᠷ ᠪᠦᠯᠢ ᠳᠤ ᠨᠡᠶᠢᠭᠡᠮ ᠤᠨ ᠬᠦᠨᠳᠦᠳᠬᠡᠯ ᠪᠠ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ︽ᠨᠢᠭᠡ ᠬᠥᠮᠦᠨ ᠭᠠᠪᠢᠶ᠎ᠠ ᠪᠠᠶᠢᠭᠤᠯᠵᠤ᠂ ᠪᠥᠬᠦ ᠭᠡᠷ ᠪᠦᠯᠢ ᠢᠷᠠᠭᠤ ᠠᠯᠳᠠᠷᠲᠠᠶ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠬᠤ᠂ ᠡᠬᠡ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠳᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠬᠤᠶᠢᠰᠢᠳᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠴᠡᠷᠢᠭ ᠬᠥᠮᠦᠨ ᠢ ᠰᠠᠨᠠᠭ᠎ᠠ ᠠᠮᠤᠷ ᠠᠵᠢᠯᠯᠠᠭᠤᠯᠵᠤ᠂ ᠴᠡᠷᠢᠭ ᠤᠨ ᠭᠡᠷ ᠪᠦᠯᠢ ᠶᠢ ᠮᠠᠰᠢ ᠳᠤᠯᠠᠭᠠᠴᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠲᠣᠭᠲᠠᠭᠤᠨ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃                                            ᠤᠷᠴᠢᠭᠤᠯᠤᠭᠴᠢ᠄ ᠰᠤᠷᠤᠨ᠎ᠠ                                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号