3 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠪᠠᠶᠠᠨᠴᠠᠭᠠᠨ ᠪᠠᠯᠭᠠᠰᠤᠨ ᠤ ᠯᠦ ᠵᠢᠶᠠ ᠼᠦᠨ ᠲᠣᠰᠬᠤᠨ ᠲᠠᠢ ᠬᠠᠮᠲᠤᠷᠠᠨ᠂ ᠨᠠᠮ ᠤᠨ ᠭᠡᠰᠢᠭᠦᠨ | ᠺᠠᠳ᠋ᠷᠴᠤᠳ ᠢ ᠵᠣᠬᠢᠶᠠᠨ ᠪᠠᠶᠢᠭᠤᠯᠤᠨ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠥᠷᠨᠢᠭᠦᠯᠵᠦ᠂ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠵᠢᠴᠢ ᠡᠷᠬᠢᠨ ᠲᠣᠭᠤᠷᠢᠨ ᠤ ᠣᠷᠴᠢᠨ | ᠲᠣᠭᠤᠷᠢᠨ ᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠬᠠᠷᠠᠮ ᠦᠭᠡᠢ ᠵᠣᠷᠢᠭᠤᠯᠬᠤ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ | ᠦᠵᠡᠭᠦᠯᠦᠨ᠎ᠡ᠃ | | ᠦᠳᠡ ᠶᠢᠨ ᠡᠮᠦᠨᠡᠬᠢ 10 ᠴᠠᠭ ᠲᠤ᠂ ᠨᠠᠮ ᠤᠨ ᠭᠡᠰᠢᠭᠦᠨ ᠺᠠᠳ᠋ᠷᠴᠤᠳ ᠱᠦᠭᠦᠷ᠂ ᠬᠦᠷᠵᠡ ᠵᠡᠷᠭᠡ ᠪᠠᠭᠠᠵᠢ | ᠬᠡᠷᠡᠭᠰᠡᠯ ᠢᠶᠠᠨ ᠠᠪᠴᠤ᠂ ᠳᠤᠭᠤᠶᠢᠯᠠᠩ ᠬᠤᠪᠢᠶᠠᠨ ᠬᠥᠳᠡᠯᠦᠯᠴᠡᠵᠦ᠂ ᠴᠡᠪᠡᠷᠯᠡᠬᠦ ᠳᠤᠭᠤᠶᠢᠯᠠᠩ ᠬᠤᠪᠠᠭ᠋ᠠᠶ ᠰᠠᠯᠠᠭ᠎ᠠ | ᠨᠠᠮᠠᠭ᠎ᠠ ᠶᠢ ᠨᠠᠷᠢᠨ ᠬᠢᠨᠠᠮᠠᠭᠠᠶ ᠴᠡᠪᠡᠷᠯᠡᠵᠦ᠂ ᠲᠠᠮᠠᠬᠢᠨ ᠶᠤᠵᠤᠭᠤᠷ ᠢ ᠴᠡᠪᠡᠷᠯᠡᠵᠦ᠂ ᠡᠷᠡᠭᠦᠯ ᠬᠠᠮᠠᠭᠠᠯᠠᠯ ᠤᠨ ᠥᠨᠴᠥᠭ | ᠪᠤᠯᠤᠩ ᠦᠯᠡᠳᠡᠭᠡᠬᠦ ᠦᠭᠡᠶ ᠴᠡᠪᠡᠷᠯᠡᠪᠡ︔ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠳᠤᠭᠤᠶᠢᠯᠠᠩ ᠰᠡᠳᠬᠢᠯ | ᠨᠢᠭᠡᠳᠦᠨ ᠬᠠᠶᠠᠭᠳᠠᠮᠠᠯ ᠪᠣᠳᠠᠰ ᠢ ᠵᠥᠭᠡᠭᠡᠪᠦᠷᠢᠯᠡᠪᠡ᠃ ᠰᠠᠶᠢᠨ ᠳᠤᠷ᠎ᠠ ᠶᠢᠨ ᠠᠵᠢᠯᠯᠠᠭᠴᠢ ᠶᠢᠨ ᠡᠷᠴᠢ ᠵᠣᠷᠢᠭ | ᠲᠡᠭᠦᠯᠳᠡᠷ ᠪᠠᠶᠢᠵᠤ᠂ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠰᠦᠯᠢᠶᠣᠣ ᠤᠭᠤᠲᠠ ᠶᠢ ᠨᠠᠶᠢᠵᠠ | ᠨᠥᠬᠦᠳ ᠲᠠᠢ ᠪᠠᠨᠬᠠᠮᠲᠦ ᠬᠦᠴᠦ ᠪᠠᠨ ᠬᠠᠮᠲᠤᠳᠬᠠᠨ ᠬᠦᠨᠳᠦ ᠪᠣᠳᠠᠰ ᠢ ᠡᠷᠭᠦᠵᠦ᠂ ᠤᠯᠠᠨ ᠤ ᠬᠠᠮᠲᠤ ᠶᠢᠨ | ᠴᠢᠷᠮᠠᠶᠢᠯᠭ᠎ᠠ ᠪᠠᠷ᠂ ᠠᠭᠤᠳᠠᠮ ᠲᠠᠯᠠᠪᠠᠢ ᠶᠢᠨ ᠬᠠᠭᠤᠴᠢᠨ ᠳᠦᠷᠰᠦ ᠪᠠᠶᠢᠳᠠᠯ ᠨᠢ ᠰᠢᠨ᠎ᠡ ᠳᠦᠷᠰᠦ ᠪᠠᠶᠢᠳᠠᠯ ᠲᠠᠢ | ᠪᠣᠯᠵᠤ᠂ ᠲᠣᠰᠬᠤᠨ ᠤ ᠠᠷᠠᠳ ᠨᠠᠷ ᠴᠦᠮ ᠮᠠᠭᠲᠠᠨ ᠰᠠᠶᠢᠰᠢᠶᠠᠪᠠ᠃ | | | | | | | | ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ | ᠪᠣᠯᠭᠠᠭᠰᠠᠨ ᠢᠶᠠᠷ ᠪᠠᠷᠠᠬᠤ ᠥᠬᠡᠶ ᠪᠠᠰᠠ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠵᠠᠶ ᠶᠢ ᠣᠶᠢᠷᠠᠲᠤᠭᠤᠯᠵᠤ᠂ | ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠯᠦ ᠵᠢᠶᠠ ᠼᠦᠨ ᠲᠣᠰᠬᠤᠨ ᠴᠤ ᠦᠷᠭᠦᠯᠵᠢᠯᠡᠨ ᠯᠸᠢ | ᠹᠧᠩ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠶ᠎ᠡ ᠵᠣᠬᠢᠴᠠᠩᠭᠤᠶ ᠨᠡᠶᠢᠭᠡᠮ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠪᠣᠯᠤᠨ᠎ᠠ᠃ | | | | | | ᠵᠣᠬᠢᠶᠠᠭᠴᠢ᠄ ᠯᠢᠶᠠᠩ ᠸᠧᠨ ᠯᠦᠩ | ᠴᠢᠮᠡᠭᠡᠯᠡᠭᠴᠢ᠄ ᠰᠤᠯᠤᠩᠭ᠎ᠠ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |