3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠪᠠᠶᠠᠨᠴᠠᠭᠠᠨ | ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠠᠵᠢᠯ ᠤᠨ | ᠲᠤᠬᠠᠶ ᠲᠤᠰᠬᠠᠶ ᠪᠠᠶᠢᠴᠠᠭᠠᠨ ᠰᠤᠳᠤᠯᠤᠯᠲᠠ ᠬᠢᠵᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠬᠤᠰᠢᠭᠤᠨ ᠤ ᠤᠳᠤᠷᠢᠳᠤᠯᠭ᠎ᠠ ᠯᠢᠦ ᠸᠧᠨ ᠾᠦᠢ᠂ | ᠸᠠᠩ ᠰᠢᠤᠸᠠᠢ ᠳ᠋ᠦᠩ᠂ ᠰᠦᠨ ᠶᠠᠨ ᠵᠢᠶᠧ ᠵᠢᠴᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | | | | | | | | ᠪᠠᠶᠢᠴᠠᠭᠠᠨ ᠰᠤᠳᠤᠯᠬᠤ ᠶᠠᠪᠤᠴᠠ ᠳᠤ᠂ ᠼᠦᠢ ᠱᠦᠵᠢ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ | ᠮᠠᠲ᠋ᠧᠷᠢᠶᠠᠯ ᠬᠠᠳᠠᠭᠠᠯᠠᠬᠤ ᠲᠣᠭᠤᠷᠢᠭ᠂ ᠡᠳ᠋ᠰᠢᠭᠦᠯᠬᠦ ᠠᠵᠢᠯᠯᠠᠬᠤ ᠲᠠᠰᠤᠭ᠂ ᠬᠤᠭᠤᠯᠠ ᠪᠡᠯᠡᠳᠬᠡᠬᠦ ᠥᠷᠥᠭᠡ ᠵᠡᠷᠭᠡ | ᠵᠠᠩᠭᠢᠯᠠᠭ᠎ᠠ ᠶᠢᠨ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ | ᠬᠤᠳᠠᠯᠳᠤᠨ ᠠᠪᠬᠤ ᠠᠷᠭ᠎ᠠ ᠵᠠᠮ᠂ ᠢᠳᠡᠭᠡᠨ ᠪᠣᠯᠪᠠᠰᠤᠷᠠᠭᠤᠯᠬᠤ ᠶᠠᠪᠤᠴᠠ᠂ ᠠᠵᠢᠯᠯᠠᠵᠤ ᠪᠠᠶᠢᠭ᠎ᠠ ᠬᠥᠮᠦᠰ ᠤᠨ | ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠢᠳᠡᠭᠡᠨ ᠤ ᠮᠠᠲ᠋ᠧᠷᠢᠶᠠᠯ ᠤᠨ | ᠢᠷᠡᠯᠲᠡ᠂ ᠰᠢᠨ᠎ᠡ ᠰᠣᠷᠭᠤᠭ ᠬᠡᠮᠵᠢᠶ᠎ᠡ ᠬᠢᠭᠡᠳ ᠢᠳᠡᠭᠡᠨ ᠤ ᠠᠮᠤᠷ ᠲᠦᠪᠰᠢᠨ ᠢ ᠣᠨᠴᠠᠭᠠᠶᠢᠯᠠᠨ ᠠᠩᠬᠠᠷᠴᠤ ᠪᠠᠶᠢᠪᠠ᠃ | ᠳᠠᠷᠠᠭ᠎ᠠ ᠨᠢ᠂ ᠼᠦᠢ ᠶᠦᠩ ᠬᠤᠭᠤᠯᠠ ᠢᠳᠡᠵᠤ ᠪᠠᠶᠢᠭ᠎ᠠ ᠰᠤᠷᠤᠭᠴᠢᠳ ᠤᠨ ᠳᠤᠮᠳᠠ ᠬᠦᠷᠴᠦ᠂ ᠲᠡᠳᠡᠨ ᠲᠠᠢ | ᠳᠣᠲᠣᠨᠣ ᠪᠠᠷ ᠶᠠᠷᠢᠯᠴᠠᠵᠤ᠂ ᠰᠤᠷᠤᠭᠴᠢᠳ ᠤᠨ ᠬᠤᠭᠤᠯᠠ ᠤᠮᠳᠠ ᠶᠢᠨ ᠦᠨᠦᠷ ᠠᠮᠲᠠ᠂ ᠬᠤᠪᠢ ᠶᠢᠨ ᠬᠡᠮᠵᠢᠶ᠎ᠡ | ᠵᠢᠴᠢ ᠲᠦᠷᠦᠯ ᠵᠦᠢᠯ ᠤᠨ ᠬᠠᠨᠤᠮᠵᠢ ᠶᠢᠨ ᠬᠡᠮᠵᠢᠶ᠎ᠡ ᠶᠢ ᠨᠠᠷᠢᠨ ᠠᠰᠠᠭᠤᠵᠤ᠂ ᠲᠡᠳᠡᠨ ᠤ ᠡᠩ ᠤᠨ ᠦᠶ᠎ᠡ ᠳᠤ | ᠥᠪᠡᠷ ᠤᠨ ᠳᠤᠷᠠᠲᠠᠢ ᠨᠣᠭᠤᠭ᠎ᠠ ᠪᠠᠨ ᠢᠳᠡᠵᠦ ᠴᠢᠳᠠᠬᠤ ᠡᠰᠡᠬᠦ ᠶᠢ ᠠᠩᠬᠠᠷᠴᠤ ᠪᠠᠶᠢᠯ᠎ᠠ᠃ ᠰᠤᠷᠭᠠᠭᠤᠯᠢ ᠶᠢᠨ | ᠬᠦᠷᠢᠶᠡᠨ ᠤ ᠬᠤᠭᠤᠯᠠᠨ ᠤ ᠶᠠᠰᠤ ᠴᠢᠨᠠᠷ ᠢ ᠨᠠᠩ ᠰᠢᠭᠤᠳ ᠣᠶᠢᠯᠠᠭᠠᠬᠤ ᠶᠢᠨ ᠲᠥᠯᠥᠭᠡ᠂ ᠼᠦᠢ ᠶᠦᠩ ᠲᠣᠰ | ᠡᠳᠦᠷ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠ ᠶᠢ ᠠᠮᠲᠠᠯᠠᠪᠠ᠃ ᠠᠮᠲᠠᠯᠠᠭᠰᠠᠨ ᠤ ᠳᠠᠷᠠᠭ᠎ᠠ᠂ ᠼᠦᠢ ᠶᠦᠩ | ᠱᠦᠵᠢ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠨᠤᠲᠠᠯᠠᠭᠰᠠᠨ ᠤ | ᠬᠠᠮᠲᠤ ᠪᠠᠰᠠ ᠰᠠᠶᠢᠵᠢᠷᠠᠭᠤᠯᠬᠤ ᠴᠢᠬᠤᠯᠠᠲᠠᠢ ᠵᠠᠷᠢᠮ ᠭᠠᠵᠠᠷ ᠢ ᠵᠢᠭᠠᠵᠤ ᠭᠠᠷᠭᠠᠪᠠ᠃ | | | | | | | | ᠼᠦᠢ ᠶᠦᠩ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠠᠮᠤᠷ ᠲᠦᠪᠰᠢᠨ ᠨᠢ | ᠪᠠᠭᠰᠢ ᠰᠤᠷᠤᠭᠴᠢᠳ ᠤᠨ ᠡᠷᠡᠭᠦᠯ ᠮᠡᠨᠳᠦ ᠪᠠ ᠵᠢᠭᠠᠨ ᠰᠤᠷᠭᠠᠯᠲᠠ ᠶᠢᠨ ᠡᠮᠬᠢ ᠳᠢᠭᠯᠢᠮ ᠲᠠᠢ ᠬᠤᠯᠪᠣᠭᠳᠠᠵᠤ᠂ | ᠰᠤᠷᠭᠠᠭᠤᠯᠢ ᠶᠢᠨ ᠠᠵᠢᠯ ᠤᠨ ᠭᠤᠣᠯᠳᠠᠯᠭ᠎ᠠ ᠪᠣᠯᠤᠨ᠎ᠠ᠃ ᠰᠤᠷᠭᠠᠭᠤᠯᠢ ᠨᠢ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ ᠨᠢ ︽ᠨᠢᠭᠡᠳᠦᠭᠡᠷ | ᠬᠠᠷᠢᠭᠤᠴᠠᠯᠭᠠᠲᠠᠨ︾ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ | ᠴᠢᠬᠤᠯᠠᠲᠠᠶ ᠪᠠᠶᠢᠨ᠎ᠠ᠃ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠳᠠᠭᠠᠨ᠂ ᠬᠠᠩᠭᠠᠯᠭ᠎ᠠ ᠶᠢᠨ | ᠬᠤᠳᠠᠯᠳᠤᠭᠠᠴᠢᠨ ᠤ ᠬᠢᠷᠢ ᠴᠢᠳᠠᠮᠵᠢ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠵᠤ᠂ ᠲᠣᠭᠲᠠᠭᠤᠨ ᠠᠷᠭ᠎ᠠ | ᠵᠠᠮ ᠢ ᠪᠠᠶᠢᠭᠤᠯᠵᠤ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠶᠢ | ᠴᠢᠩᠳᠠᠯᠠᠨ᠎ᠠ︔ ᠢᠳᠡᠭᠡᠨ ᠢ ᠪᠣᠯᠪᠠᠰᠤᠷᠠᠭᠤᠯᠤᠨ ᠦᠢᠯᠡᠳᠬᠦ ᠳᠤᠮᠳᠠ᠂ ᠵᠢᠷᠤᠮᠵᠢᠭᠰᠠᠨ ᠨᠠᠷᠢᠯᠢᠭ ᠬᠠᠮᠢᠶᠠᠷᠤᠯᠲᠠ ᠶᠢ | ᠴᠢᠩᠭᠠᠳᠬᠠᠵᠤ᠂ ᠡᠯ᠎ᠡ ᠵᠠᠩᠭᠢᠯᠠᠭ᠎ᠠ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠴᠢᠩᠭ᠎ᠠ ᠰᠠᠬᠢᠵᠤ᠂ ᠰᠢᠮ᠎ᠡ | ᠲᠡᠵᠢᠭᠡᠯ ᠢ ᠲᠣᠬᠢᠷᠠᠭᠤᠯᠬᠤ ᠶᠢ ᠴᠢᠬᠤᠯᠠᠴᠢᠯᠠᠨ᠎ᠠ᠃ ᠡᠭᠦᠨ ᠤ ᠬᠠᠮᠲᠤ᠂ ᠬᠤᠭᠤᠯᠠᠨ ᠬᠡᠷ ᠤᠨ ᠠᠵᠢᠯ | ᠡᠷᠭᠢᠯᠡᠭᠰᠡᠳ ᠤᠨ ᠪᠣᠯᠪᠠᠰᠤᠷᠠᠭᠤᠯᠤᠯ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠠᠮᠤᠷ ᠲᠦᠪᠰᠢᠨ ᠤ ᠦᠵᠡᠯ | ᠤᠬᠠᠮᠰᠠᠷ ᠪᠠ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠷᠡᠭᠦᠯ ᠮᠡᠨᠳᠦ᠂ | ᠰᠢᠮ᠎ᠡ ᠲᠡᠵᠢᠭᠡᠯ ᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ᠂ ᠬᠡᠷ ᠤᠨ ᠠᠬᠠᠮᠠᠳ ᠪᠠ ᠨᠡᠶᠢᠭᠡᠮ ᠢ ᠰᠠᠨᠠᠭ᠎ᠠ | ᠠᠮᠤᠷ ᠪᠠᠶᠢᠯᠭᠠᠬᠤ ᠬᠡᠷᠡᠭᠲᠡᠶ ᠭᠡᠵᠦ ᠱᠠᠭᠠᠷᠳᠠᠪᠠ᠃ | | | | ᠵᠣᠬᠢᠶᠠᠭᠴᠢ᠄ ᠪᠦᠦ ᠯᠦᠩ | ᠴᠢᠮᠡᠭᠡᠯᠡᠭᠴᠢ᠄ ᠯᠦ ᠰᠢᠶᠤᠤ ᠲᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |