ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ᠂ | ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ | ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ | ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠭᠠᠪᠢᠶ᠎ᠠ ᠪᠠᠶᠢᠭᠤᠯᠵᠤ ᠱᠠᠩᠨᠠᠯ ᠬᠦᠷᠲᠡᠭᠰᠡᠨ ᠴᠡᠷᠢᠭ ᠤᠨ ᠭᠡᠷ ᠪᠦᠯᠢ ᠳᠤ ᠨᠠᠮ ᠪᠠ ᠵᠠᠰᠠᠭ ᠤᠨ | ᠣᠷᠳᠣᠨ ᠤ ᠬᠠᠯᠠᠮᠵᠢᠯᠠᠯ ᠪᠠ ᠵᠥᠩᠨᠡᠯ ᠢ ᠬᠦᠷᠭᠡᠪᠡ᠃ | | ᠲᠡᠮᠦᠷᠲᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠢᠷᠠᠭᠤ ᠠᠯᠳᠠᠷ ᠢ ᠲᠡᠭᠡᠭᠡᠭᠰᠡᠨ | ᠪᠠᠶᠠᠷ ᠤᠨ ᠮᠡᠳᠡᠭᠡ ᠪᠠᠨ ᠠᠪᠴᠤ ᠪᠠᠶᠠᠷ ᠪᠠᠶᠠᠰᠬᠤᠯᠠᠩ ᠲᠠᠢ ᠪᠠᠷ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠲᠤ | ᠬᠦᠷᠪᠡ᠃ ᠴᠡᠷᠢᠭ ᠤᠨ ᠭᠡᠷ ᠲᠤ ᠬᠦᠷᠦᠭᠰᠡᠨ ᠤ ᠳᠠᠷᠠᠭ᠎ᠠ ᠴᠡᠷᠢᠭ ᠤᠨ ᠭᠡᠷ ᠪᠦᠯᠢ ᠶᠢᠨ ᠬᠢᠨ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠶ ᠬᠦᠴᠢᠷᠳᠡᠯ ᠢ ᠨᠠᠷᠢᠨ ᠠᠰᠠᠭᠤᠵᠤ᠂ ᠲᠡᠳᠡᠨ ᠤ | ᠤᠯᠤᠰ ᠣᠷᠣᠨ ᠳᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃ | ᠲᠣᠰ ᠤᠳᠠᠭᠠᠨ ᠤ ᠪᠠᠶᠠᠷ ᠤᠨ ᠰᠣᠨᠢᠨ ᠬᠦᠷᠭᠡᠬᠦ ᠠᠵᠢᠯᠯᠠᠭ᠎ᠠ ᠨᠢ ᠵᠢᠩᠬᠢᠨᠢ ᠠᠯᠪᠠᠨ ᠤ ᠴᠡᠷᠢᠭ ᠤᠨ ᠭᠠᠪᠢᠶ᠎ᠠ | ᠵᠢᠳᠬᠦᠯ ᠢ ᠨᠤᠲᠠᠯᠠᠵᠤ ᠬᠥᠬᠢᠭᠦᠯᠦᠨ ᠰᠠᠶᠢᠰᠢᠶᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠥᠷᠭᠡᠨ ᠣᠯᠠᠨ | ᠵᠣᠬᠢᠬᠤ ᠨᠠᠰᠤᠨ ᠤ ᠵᠠᠯᠠᠭᠤᠴᠤᠳ ᠢ ᠤᠷᠮᠠᠰᠢᠭᠤᠯᠤᠨ ᠤᠷᠢᠶᠠᠯᠠᠵᠤ ᠪᠠᠶᠢᠨ᠎ᠠ᠃ ᠡᠨᠡ ᠬᠦ ᠬᠡᠯᠪᠡᠷᠢ ᠪᠠᠷ ᠳᠠᠮᠵᠢᠭᠤᠯᠤᠨ᠂ | ᠴᠡᠷᠢᠭ ᠬᠥᠮᠦᠨ ᠴᠡᠷᠢᠭ ᠤᠨ ᠬᠡᠷ ᠪᠦᠯᠢ ᠳᠤ ᠨᠡᠶᠢᠭᠡᠮ ᠤᠨ ᠬᠦᠨᠳᠦᠳᠬᠡᠯ ᠪᠠ ᠬᠠᠶᠢᠷ᠎ᠠ ᠬᠠᠯᠠᠮᠵᠢ ᠶᠢ ᠦᠨᠡᠨ ᠬᠦ | ᠮᠡᠳᠡᠷᠡᠭᠦᠯᠵᠦ᠂ ︽ᠨᠢᠭᠡ ᠬᠥᠮᠦᠨ ᠭᠠᠪᠢᠶ᠎ᠠ ᠪᠠᠶᠢᠭᠤᠯᠵᠤ᠂ ᠪᠥᠬᠦ ᠭᠡᠷ ᠪᠦᠯᠢ ᠢᠷᠠᠭᠤ ᠠᠯᠳᠠᠷᠲᠠᠶ︾ ᠪᠠᠶᠢᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠤᠨ ᠬᠤᠸᠠᠷᠠᠨ ᠳᠤ | ᠣᠷᠣᠯᠴᠠᠬᠤ᠂ ᠡᠬᠡ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠳᠡᠢ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ | ᠬᠤᠶᠢᠰᠢᠳᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠴᠡᠷᠢᠭ | ᠬᠥᠮᠦᠨ ᠴᠡᠷᠢᠭ ᠤᠨ ᠭᠡᠷ ᠪᠦᠯᠢ ᠶᠢᠨ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ | ᠴᠡᠷᠢᠭ ᠬᠥᠮᠦᠨ ᠢ ᠰᠠᠨᠠᠭ᠎ᠠ ᠠᠮᠤᠷ ᠠᠵᠢᠯᠯᠠᠭᠤᠯᠵᠤ᠂ ᠴᠡᠷᠢᠭ ᠤᠨ ᠭᠡᠷ ᠪᠦᠯᠢ ᠶᠢ ᠮᠠᠰᠢ ᠳᠤᠯᠠᠭᠠᠴᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠲᠣᠭᠲᠠᠭᠤᠨ ᠳᠤ ᠨᠠᠩ ᠶᠡᠭᠡ | ᠬᠤᠪᠢ ᠨᠡᠮᠡᠷᠢ ᠦᠵᠡᠭᠦᠯᠦᠨ᠎ᠡ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |