ᠲᠡᠮᠦᠷᠲᠡᠢ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2025/4/14
   4 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠲᠡᠮᠤᠷᠳᠠᠢ ᠪᠠᠯᠭᠠᠰᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠲᠣᠰᠬᠤᠨ ︵ᠰᠠᠭᠤᠭᠠᠯᠢ ᠠᠷᠠᠳ︶ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠥᠬᠦ ᠪᠦᠷᠢᠯᠳᠦᠬᠦᠨ ᠨᠣᠮ ᠤᠩᠰᠢᠬᠤ ᠠᠩᠭᠢ ᠳᠤ ᠣᠷᠣᠯᠴᠠᠪᠠ᠃
   ᠲᠣᠰ ᠤᠳᠠᠭᠠᠨ ᠤ ᠨᠣᠮ ᠤᠩᠰᠢᠬᠤ ᠠᠩᠭᠢ ᠶᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠡᠷᠭᠢᠯᠡᠵᠦ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ︾ ᠵᠢᠴᠢ ︽ᠲᠥᠪ ᠤᠨ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠳᠦᠷᠢᠮ︾ ᠪᠣᠯᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃
   ᠲᠣᠰ ᠤᠳᠠᠭᠠᠨ ᠤ ᠨᠣᠮ ᠤᠩᠰᠢᠬᠤ ᠠᠩᠭᠢ ᠨᠢ ᠰᠤᠷᠤᠯᠴᠠᠯᠭ᠎ᠠ ᠶᠢᠨ ᠰᠢᠰᠲ᠋ᠧᠮᠲᠦ ᠴᠢᠨᠠᠷ ᠪᠠ ᠵᠢᠷᠤᠮᠵᠢᠯ ᠤᠨ ᠴᠢᠨᠠᠷ ᠢ ᠪᠠᠲᠤᠯᠠᠬᠤ ᠪᠠᠷ ᠪᠠᠷᠠᠬᠤ ᠥᠬᠡᠶ ᠪᠠᠰᠠ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠪᠠᠨ ᠳᠠᠭᠠᠭᠠᠵᠤ ᠰᠡᠳᠬᠢᠬᠦ ᠣᠷᠣᠨ ᠵᠠᠶ ᠶᠢ ᠪᠠᠲᠤᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠠᠨᠢᠯᠲᠠ ᠪᠠᠨ ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠬᠥᠲᠥᠯᠥᠨ ᠵᠢᠯᠣᠭᠤᠳᠴᠤ᠂ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ᠃
   ᠬᠤᠷᠠᠯ ᠠᠴᠠ᠂ ᠨᠠᠮ ᠤᠨ ᠲᠥᠪ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠵᠠᠩᠭᠢᠯᠠᠭ᠎ᠠ ᠶᠢᠨ ᠠᠯᠬᠤᠮ ᠳᠠᠷᠠᠭ᠎ᠠ ᠮᠥᠨ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠪᠠᠷ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠬᠡᠷᠡᠭᠲᠡᠢ᠃ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠬᠢᠬᠦ ᠶᠢ ᠨᠡᠪᠲᠡᠷᠡᠯᠴᠡᠭᠦᠯᠬᠦ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠲᠠᠯ ᠤᠨ ᠠᠷᠬᠠᠭ ᠭᠡᠮ ᠢ ᠴᠡᠭᠴᠡᠯᠡᠨ ᠵᠠᠰᠠᠬᠤ ᠬᠡᠷᠡᠭᠲᠡᠢ᠃ ᠲᠣᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠲᠣᠰ ᠪᠡᠶ᠎ᠡ ᠶᠢᠨ ᠦᠵᠡᠯ ᠰᠠᠨᠠᠭ᠎ᠠ᠂ ᠰᠤᠷᠲᠠᠯ᠂ ᠰᠠᠬᠢᠯᠭ᠎ᠠ ᠪᠠᠲᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠶ ᠪᠠᠶᠢᠴᠠᠭᠠᠨ ᠳᠡᠯᠭᠡᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠦᠨᠡᠨ ᠬᠦ ᠰᠠᠶᠢᠵᠢᠷᠠᠭᠤᠯᠵᠤ ᠪᠣᠳᠠᠲᠠᠶ ᠰᠠᠶᠢᠵᠢᠷᠠᠭᠤᠯᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢ ᠪᠣᠳᠠᠲᠠᠶᠢᠵᠢᠭᠤᠯᠵᠤ᠂ ᠨᠡᠩ ᠴᠢᠩᠭ᠎ᠠ ᠱᠠᠭᠠᠷᠳᠠᠯᠭ᠎ᠠ ᠪᠠᠷ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠡᠯ᠎ᠡ ᠵᠦᠢᠯ ᠤᠨ ᠠᠵᠢᠯ ᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠭᠤᠣᠯ ᠠᠵᠢᠯ ᠤᠨ ᠲᠣᠭᠤᠷᠢᠨ ᠳᠤ ᠭᠠᠷᠳᠠᠬᠤ ᠴᠡᠭ ᠪᠣᠯᠤᠨ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠰᠡᠳᠬᠢᠴᠡ ᠪᠣᠯᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠲᠡᠮᠦᠷᠲᠡᠢ ᠪᠠᠯᠭᠠᠰᠤ ᠶᠢᠨ ᠬᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠤᠯᠠᠮ ᠴᠢᠨᠠᠭᠰᠢᠳᠠ ᠬᠦᠳᠦᠯᠦᠨ ᠵᠢᠯᠣᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠭᠤᠯᠵᠤ᠂ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠦᠨᠡᠨᠬᠦ ᠪᠠᠶᠢᠴᠠᠭᠠᠨ ᠳᠣᠲᠣᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃                                 ᠤᠷᠴᠢᠭᠤᠯᠤᠭᠴᠢ᠄ ᠰᠤᠷᠤᠨ᠎ᠠ                               ᠬᠢᠨᠠᠭᠴᠢ᠄ ᠡᠷᠳᠡᠨᠢᠴᠢᠮᠡᠭ
 
ᠢᠷᠡᠯᠲᠡ᠄ ᠲᠡᠮᠦᠷᠲᠡᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号