4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2025 ᠣᠨ ᠤ ᠬᠤᠶᠠᠳᠤᠭᠠᠷ ᠤᠳᠠᠭᠠᠨ ᠤ | ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ | ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠢᠭᠡᠳ ᠨᠢᠭᠡ ᠪᠠᠷ ᠵᠠᠳᠠᠯᠤᠨ ᠰᠤᠳᠤᠯᠵᠤ ᠮᠠᠭᠠᠳᠯᠠᠵᠤ᠂ | ᠰᠢᠢᠳᠪᠦᠷᠢᠯᠡᠬᠦ ᠶᠢ ᠠᠬᠢᠭᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠪᠣᠯ ᠡᠭᠦᠳᠡᠨ ᠳᠤ ᠬᠦᠷᠭᠡᠬᠦ ᠣᠯᠠᠨ ᠲᠦᠮᠡᠨ ᠤ ᠠᠵᠢᠯ ᠮᠥᠨ᠂ ᠪᠥᠬᠦ ᠬᠤᠰᠢᠭᠤᠨ ᠤ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ | ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠣ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠦᠴᠢᠷ ᠠᠰᠠᠭᠤᠳᠠᠯ᠂ ᠭᠤᠣᠯᠳᠠᠯᠭ᠎ᠠ ᠶᠢ ᠪᠦᠬᠦ ᠲᠠᠯ᠎ᠠ ᠪᠠᠷ ᠡᠮᠬᠢᠯᠡᠵᠦ᠂ ᠭᠦᠨᠵᠡᠭᠡᠢ | ᠵᠠᠳᠠᠯᠵᠤ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠯᠠᠨ | ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠰᠠᠶᠢᠲᠤᠷ ᠰᠢᠢᠳᠪᠦᠷᠢᠯᠡᠵᠦ᠂ ᠲᠦᠷᠦᠯ ᠪᠦᠷᠢ ᠶᠢᠨ ᠨᠡᠶᠢᠲᠡᠯᠢᠭ ᠴᠢᠨᠠᠷᠲᠠᠢ ᠠᠰᠠᠭᠤᠳᠠᠯ ᠢ ᠬᠠᠤᠯᠢ | ᠶᠣᠰᠣᠭᠠᠷ ᠲᠣᠬᠢᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ | ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠠᠩᠬ᠎ᠠ | ᠬᠦᠯᠢᠶᠡᠨ ᠠᠪᠴᠤ ᠠᠩᠬ᠎ᠠ ᠰᠢᠢᠳᠪᠦᠷᠢᠯᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠢ | ᠳᠠᠭᠠᠭᠠᠴᠢᠯᠠᠭᠰᠠᠨ ᠤᠳᠤᠷᠢᠳᠤᠯᠭ᠎ᠠ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠰᠢᠶᠠᠩ | ᠪᠠᠯᠭᠠᠰᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ᠂ ᠮᠥᠷᠳᠡᠨ | ᠱᠠᠯᠠᠪᠳᠠᠭᠤᠯᠤᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠵᠥᠷᠢᠴᠡᠯ ᠵᠢᠭᠤᠷᠠᠯᠳᠤᠭᠠᠨ ᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠪᠠᠭ᠎ᠠ ᠠᠰᠠᠭᠤᠳᠠᠯ ᠨᠢ ᠶᠡᠭᠡ | ᠠᠰᠠᠭᠤᠳᠠᠯ ᠪᠣᠯᠬᠤ ᠠᠴᠠ ᠵᠠᠶᠢᠯᠠᠰᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ | ᠪᠦᠬᠦ ᠲᠠᠯ᠎ᠠ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ | ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠣᠳᠠᠲᠠᠢ ᠰᠢᠢᠳᠪᠦᠷᠢᠯᠡᠬᠦ᠂ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠶᠣᠰᠣ ᠪᠤᠰᠤ ᠪᠠᠷ ᠵᠢᠭᠤᠷᠠᠯᠳᠤᠨ | ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠴᠦ᠂ | ᠵᠠᠬᠢᠳᠠᠯ ᠰᠤᠷᠪᠤᠯᠵᠢᠯᠠᠭ᠎ᠠ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠬᠤ ᠬᠡᠷᠡᠭᠲᠡᠢ᠃ ᠬᠤᠰᠢᠭᠤᠨ ᠤ ᠬᠠᠮᠢᠶ᠎ᠠ ᠪᠥᠬᠦᠶ | ᠤᠳᠤᠷᠢᠳᠤᠯᠭ᠎ᠠ᠂ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | | | | ᠵᠤᠬᠢᠶᠠᠭᠴᠢ᠄ ᠴᠢ ᠷᠦᠢ ᠶᠢᠨ᠂ ᠸᠠᠩ ᠱᠤ᠋ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |