ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 11 ᠤ ᠡᠳᠦᠷ᠂ | ᠴᠠᠬᠠᠷ ᠪᠠᠷᠠᠭᠤᠨ ᠭᠠᠷᠤᠨ ᠬᠤᠶᠢᠲᠦ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠲᠥᠪ ︽ᠢᠳᠡᠰᠢᠨ ᠨᠣᠭᠤᠭ᠎ᠠ ᠪᠠᠷ ᠨᠣᠮ ᠪᠢᠴᠢᠭ ᠰᠣᠯᠢᠬᠤ · ᠨᠣᠮ ᠤᠨ ᠦᠨᠦᠷ | ᠬᠠᠩᠬᠤᠯᠬᠤ︾ ᠳᠡᠯᠡᠬᠡᠢ ᠶᠢᠨ ᠨᠣᠮ ᠤᠩᠰᠢᠬᠤ ᠡᠳᠦᠷ ᠤᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠲᠣᠰ | ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠬᠡᠤᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ | ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠦᠨ᠂ ᠨᠣᠮ ᠤᠨ ᠦᠨᠦᠷ ᠠᠮᠲᠠ ᠶᠢ ᠪᠥᠬᠦ | ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠶᠢᠨ ᠲᠥᠯᠥᠭᠡ ᠶᠤᠮ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠡᠦᠬᠡᠳ ᠤᠳ ᠭᠤᠶᠢᠳᠠ ᠰᠠᠶᠢᠬᠠᠨ ᠤᠩᠰᠢᠯᠭ᠎ᠠ ᠶᠢᠨ ᠲᠣᠭᠯᠠᠯᠲᠠ | ᠭᠠᠷᠭᠠᠪᠠ᠃ ᠲᠡᠳᠡ ᠨᠢᠯᠬᠠᠰᠠᠭ ᠬᠡᠦᠬᠡᠳ ᠤᠨ ᠢᠷᠠᠭᠤ ᠤᠩᠰᠢᠯᠭ᠎ᠠ ᠶᠢᠨ ᠰᠣᠩᠭᠤᠳᠠᠭ ᠰᠢᠯᠦᠭ ᠳᠠᠭᠤᠯᠠᠯ ᠪᠣᠯᠤᠨ | ᠰᠣᠨᠢᠷᠬᠠᠯᠲᠠᠢ ᠬᠡᠦᠬᠡᠳ ᠤᠨ ᠦᠯᠢᠭᠡᠷ ᠢᠶᠠᠷ ᠲᠤᠬᠠᠢ ᠶᠢᠨ ᠲᠠᠯᠠᠪᠠᠢ ᠶᠢᠨ ᠠᠯᠠᠭ᠎ᠠ ᠲᠠᠰᠢᠯᠲᠠ ᠶᠢ ᠤᠯᠪᠡ᠃ ᠪᠠᠭᠰᠢ | ᠨᠠᠷ ᠠᠮᠢᠳᠤᠯᠢᠭ ᠲᠠᠶᠢᠯᠪᠤᠷᠢᠯᠠᠯᠲᠠ ᠪᠠᠷ ᠳᠠᠮᠵᠢᠭᠤᠯᠤᠨ᠂ ᠬᠡᠦᠬᠡᠳ ᠤᠳ ᠲᠤ ᠳᠡᠯᠡᠬᠡᠢ ᠶᠢᠨ ᠨᠣᠮ ᠤᠩᠰᠢᠬᠤ | ᠡᠳᠦᠷ ᠤᠨ ᠢᠷᠡᠯ ᠪᠠ ᠠᠴᠢ ᠬᠤᠯᠪᠣᠭᠳᠠᠯ ᠢ ᠲᠠᠨᠢᠯᠴᠠᠭᠤᠯᠵᠤ᠂ ᠬᠡᠦᠬᠡᠳ ᠤᠳ ᠢ ᠢᠯᠡᠭᠦᠬᠡᠨ ᠨᠣᠮ ᠤᠩᠰᠢᠵᠤ᠂ | ᠰᠠᠶᠢᠨ ᠨᠣᠮ ᠤᠩᠰᠢᠬᠤ ᠶᠢ ᠵᠣᠷᠢᠭᠵᠢᠭᠤᠯᠪᠠ᠃ ᠳᠠᠷᠠᠭ᠎ᠠ ᠨᠢ᠂ ᠬᠡᠦᠬᠡᠳ ᠤᠳ ᠥᠪᠡᠷ ᠤᠨ ᠠᠪᠴᠢᠷᠠᠭᠰᠠᠨ | ᠢᠳᠡᠰᠢᠨ ᠨᠣᠭᠤᠭ᠎ᠠ ᠪᠠᠨ ᠥᠪᠡᠷ ᠤᠨ ᠳᠤᠷᠠᠲᠠᠢ ᠨᠣᠮ ᠢᠶᠠᠨ ᠰᠣᠯᠢᠯᠴᠠᠵᠤ᠂ ᠨᠣᠮ ᠢ ᠬᠡᠦᠬᠡᠳ ᠤᠳ ᠤᠨ ᠭᠠᠷ ᠲᠤ | ᠳᠠᠮᠵᠢᠭᠤᠯᠵᠤ᠂ ᠮᠡᠳᠡᠯᠭᠡ ᠶᠢᠨ ᠭᠠᠯ ᠢ ᠴᠤ ᠰᠡᠳᠬᠢᠯ ᠵᠢᠷᠦᠬᠡᠨ ᠳᠡᠭᠡᠨ ᠠᠰᠠᠭᠠᠪᠠ᠃ ᠰᠣᠯᠢᠯᠴᠠᠭ᠎ᠠ ᠬᠢᠬᠦ ᠶᠠᠪᠤᠴᠠ ᠳᠤ᠂ | ᠬᠡᠦᠬᠡᠳ ᠤᠳ ᠰᠢᠨ᠎ᠡ ᠮᠡᠳᠡᠯᠭᠡ ᠣᠯᠤᠭᠰᠠᠨ ᠢᠶᠠᠷ ᠪᠠᠷᠠᠬᠤ ᠦᠭᠡᠢ᠂ ᠪᠠᠰᠠ ᠬᠤᠪᠢᠶᠠᠯᠴᠠᠨ ᠡᠳ᠋ᠯᠡᠬᠦ ᠪᠠ ᠰᠣᠯᠢᠯᠴᠠᠭ᠎ᠠ | ᠬᠢᠬᠦ ᠶᠢ ᠰᠤᠷᠴᠠᠶ᠃ | | ︽ᠢᠳᠡᠰᠢᠨ ᠨᠣᠭᠤᠭ᠎ᠠ ᠪᠠᠷ ᠨᠣᠮ ᠰᠣᠯᠢᠬᠤ ᠠᠵᠢᠯᠯᠠᠭ᠎ᠠ ᠪᠣᠯ ᠨᠢᠭᠡ ᠵᠦᠢᠯ ᠤᠨ ᠰᠢᠨ᠎ᠡ ᠶᠢ ᠡᠭᠦᠳᠦᠭᠰᠡᠨ | ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠮᠥᠨ᠂ ᠢᠳᠡᠰᠢᠨ ᠨᠣᠭᠤᠭ᠎ᠠ ᠪᠠ ᠨᠣᠮ ᠪᠢᠴᠢᠭ ᠲᠠᠢ ᠰᠣᠯᠢᠯᠴᠠᠬᠤ ᠪᠠᠷ | ᠳᠠᠮᠵᠢᠭᠤᠯᠤᠨ᠂ ᠬᠡᠦᠬᠡᠳ ᠤᠨ ᠤᠩᠰᠢᠯᠭ᠎ᠠ ᠶᠢᠨ ᠳᠤᠷ᠎ᠠ ᠰᠣᠨᠢᠷᠬᠠᠯ ᠪᠠ ᠣᠷᠴᠢᠨ ᠠᠬᠤᠶ ᠶᠢ ᠬᠠᠮᠠᠭᠠᠯᠠᠬᠤ | ᠤᠬᠠᠮᠰᠠᠷ ᠢ ᠬᠥᠮᠦᠵᠢᠭᠦᠯᠵᠦ᠂ ᠬᠡᠦᠬᠡᠳ ᠤᠨ ᠤᠩᠰᠢᠯᠭ᠎ᠠ ᠶᠢᠨ ᠡᠬᠢ ᠪᠠᠶᠠᠯᠢᠭ ᠢ ᠪᠠᠶᠠᠯᠢᠭᠵᠢᠭᠤᠯᠤᠭᠰᠠᠨ ᠢᠶᠠᠷ ᠪᠠᠷᠠᠬᠤ | ᠦᠭᠡᠢ ᠪᠠᠰᠠ ᠪᠢᠴᠢᠬᠠᠨ ᠨᠠᠶᠢᠵᠠ ᠨᠠᠷ ᠢ ᠦᠢᠯᠡᠳᠦᠯᠭᠡ ᠶᠢᠨ ᠳᠤᠮᠳᠠ ᠡᠬᠢ ᠪᠠᠶᠠᠯᠢᠭ ᠤᠨ ᠣᠷᠴᠢᠯ ᠪᠠ ᠣᠷᠴᠢᠨ | ᠠᠬᠤᠶ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠰᠤᠷᠤᠯᠴᠠᠭᠤᠯᠤᠭᠰᠠᠨ ᠪᠥᠭᠡᠳ ᠪᠠᠰᠠ ᠠᠮᠢᠳᠤᠷᠠᠯ ᠳᠤ ᠪᠠᠶᠠᠷ | ᠪᠠᠶᠠᠰᠤᠯ ᠨᠡᠮᠡᠷᠢᠯᠡᠭᠰᠡᠨ ᠪᠠᠶᠢᠨ᠎ᠠ︾ ᠭᠡᠵᠦ ᠰᠤᠷᠤᠭᠴᠢ ᠶᠢᠨ ᠭᠡᠷ ᠤᠨ ᠠᠬᠠᠮᠠᠳ ᠯᠢ ᠯᠢᠩ ᠬᠡᠯᠡᠪᠡ᠃ | | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠠᠭᠰᠢ ᠨᠠᠷ ᠬᠡᠦᠬᠡᠳ ᠤᠳ ᠤᠨ ᠬᠠᠶᠢᠷ᠎ᠠ ᠬᠠᠯᠠᠮᠵᠢ ᠶᠢᠨ ᠪᠤᠤᠬᠢᠶ᠎ᠠ ᠶᠢ | ᠲᠣᠰᠣᠨ ᠠᠪᠴᠤ ᠬᠥᠳᠡᠯᠭᠡᠭᠡᠨ ᠤ ᠦᠯᠡᠳᠡᠪᠦᠷᠢ ᠳᠤᠯᠠᠭᠠᠨ ᠢ ᠨᠡᠶᠢᠭᠡᠮ ᠲᠣᠭᠤᠷᠢᠭ ᠤᠨ ᠬᠠᠯᠠᠮᠵᠢᠯᠠᠯ ᠪᠣᠯᠭᠠᠨ | ᠬᠤᠪᠢᠷᠠᠭᠤᠯᠵᠠᠶ᠃ ᠪᠠᠭᠰᠢ ᠶᠢᠨ ᠲᠥᠯᠥᠭᠡᠯᠡᠭᠴᠢ ᠰᠢᠨ᠎ᠡ ᠰᠣᠷᠭᠤᠭ ᠢᠳᠡᠰᠢᠨ ᠨᠣᠭᠤᠭ᠎ᠠ ᠶᠢᠨ ᠬᠠᠶᠢᠷ᠎ᠠ | ᠬᠠᠯᠠᠮᠵᠢ ᠶᠢᠨ ᠰᠠᠭᠰᠤ ᠪᠠᠨ ᠳᠡᠭᠦᠵᠢᠯᠡᠨ ᠰᠠᠪᠠᠯᠠᠵᠤ᠂ ᠪᠸᠢ ᠳ᠋ᠤᠤ ᠺᠸᠦ ᠶᠢᠨ ᠨᠡᠶᠢᠭᠡᠮ ᠲᠣᠭᠤᠷᠢᠭ ᠲᠤ ᠬᠦᠷᠴᠦ᠂ | ᠭᠠᠭᠴᠠᠭᠠᠷ ᠰᠠᠭᠤᠭ᠎ᠠ ᠨᠠᠰᠤᠲᠠᠨ ᠪᠣᠯᠤᠨ ᠶᠠᠳᠠᠭᠤ ᠬᠦᠴᠢᠷᠳᠡᠯᠲᠡᠢ ᠭᠡᠷ ᠪᠦᠯᠢ ᠳᠤ ᠬᠠᠪᠤᠷ ᠤᠨ ᠡᠳᠦᠷ ᠤᠨ ᠬᠠᠶᠢᠷ᠎ᠠ | ᠬᠠᠯᠠᠮᠵᠢ ᠬᠦᠷᠭᠡᠪᠡ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ | ᠳᠡᠳ᠋ ᠳᠠᠷᠤᠭ᠎ᠠ ᠰᠦᠩ ᡁᠢ ᠾᠦᠢ᠄ ︽ᠡᠨᠡ ᠤᠳᠠᠭᠠᠨ ᠤ ︿ᠢᠳᠡᠰᠢᠨ ᠨᠣᠭᠤᠭ᠎ᠠ ᠪᠠᠷ ᠨᠣᠮ ᠪᠢᠴᠢᠭ ᠰᠣᠯᠢᠬᠤ · | ᠨᠣᠮ ᠤᠨ ᠦᠨᠦᠷ ᠬᠠᠩᠬᠤᠯᠬᠤ﹀ ᠠᠵᠢᠯᠯᠠᠭ᠎ᠠ ᠶᠢᠨ ᠠᠴᠢ ᠬᠤᠯᠪᠣᠭᠳᠠᠯ ᠨᠢ ᠶᠡᠷᠦ ᠪᠤᠰᠤ ᠶᠢᠨ ᠶᠤᠮ᠃ ᠰᠤᠷᠭᠠᠨ | ᠬᠥᠮᠦᠵᠢᠯ ᠪᠣᠯ ᠵᠥᠪᠬᠡᠨ ᠬᠢᠴᠢᠶᠡᠯ ᠤᠨ ᠲᠠᠩᠬᠢᠮ ᠳᠤ ᠬᠢᠵᠠᠭᠠᠷᠯᠠᠭᠳᠠᠵᠤ ᠪᠣᠯᠬᠤ ᠦᠭᠡᠢ᠂ ᠡᠶᠢᠮᠦ ᠦᠢᠯᠡᠳᠦᠯᠭᠡ ᠶᠢᠨ | ᠠᠵᠢᠯᠯᠠᠭ᠎ᠠ ᠨᠢ ᠲᠡᠳᠡᠨ ᠳᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠮᠡᠳᠡᠷᠡᠭᠦᠯᠵᠦ᠂ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ ᠶᠢ ᠬᠥᠮᠦᠵᠢᠭᠦᠯᠵᠦ ᠴᠢᠳᠠᠨ᠎ᠠ᠃ ᠪᠢᠳᠡ ᠡᠨᠡ ᠬᠦ ᠠᠵᠠ ᠲᠣᠬᠢᠶᠠᠯ ᠢ ᠠᠰᠢᠭᠯᠠᠨ᠂ | ᠨᠠᠩ ᠣᠯᠠᠨ ᠰᠤᠷᠭᠠᠭᠤᠯᠢ ᠶᠢ ᠵᠣᠷᠢᠭᠵᠢᠭᠤᠯᠤᠨ ᠡᠶᠢᠮᠦᠷᠬᠦ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ | ᠬᠦᠷᠢᠶᠡᠨ ᠤ ᠰᠤᠷᠭᠠᠨ ᠬᠥᠮᠦᠵᠢᠯ ᠢ ᠨᠡᠶᠢᠭᠡᠮ ᠲᠣᠭᠤᠷᠢᠭ ᠤᠨ ᠦᠢᠯᠡᠴᠢᠯᠡᠭᠡ ᠲᠠᠢ ᠨᠢᠭᠲᠠ ᠤᠶᠠᠯᠳᠤᠭᠤᠯᠵᠤ᠂ | ᠬᠡᠦᠬᠡᠳ ᠤᠳ ᠢ ᠮᠡᠳᠡᠯᠭᠡ ᠶᠢᠨ ᠰᠢᠮ᠎ᠡ ᠲᠡᠵᠢᠭᠡᠯ ᠪᠣᠯᠤᠨ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠶᠢᠨ ᠳᠤᠮᠳᠠ | ᠢᠳᠡᠷᠡᠭᠦᠨ ᠢᠶᠠᠷ ᠦᠰᠦᠨ ᠪᠤᠶᠢᠵᠢᠭᠤᠯᠵᠤ᠂ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠨ ᠬᠠᠶᠢᠷᠠᠯᠠᠵᠤ ᠬᠠᠷᠢᠯᠴᠠᠨ | ᠬᠠᠪᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠡᠦᠬᠡᠳ ᠤᠳ ᠲᠤ ᠨᠠᠩ ᠡᠯᠪᠡᠭ ᠪᠠᠶᠠᠯᠢᠭ | ᠣᠯᠠᠨ ᠡᠰᠢᠲᠦ ᠦᠰᠦᠨ ᠪᠤᠶᠢᠵᠢᠬᠤ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠶᠢ ᠬᠦᠰᠡᠵᠦ ᠪᠠᠶᠢᠨ᠎ᠠ︾ ᠭᠡᠵᠡᠶ᠃ | | | | | | ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠪᠤᠯᠠᠭ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |