4 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠰᠢᠤᠢ ᠬᠤᠩ ᡁᠢ ᠪᠦᠯᠬᠦᠮ ᠳᠠᠭᠠᠭᠤᠯᠤᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠥᠷᠨᠢᠭᠦᠯᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ᠂ ᠡᠮᠦᠨᠡᠲᠦ ᠶᠢᠨ ᠵᠤᠭᠠᠴᠠᠭᠰᠠᠳ ᠲᠤ ᠦᠢᠯᠡᠴᠢᠯᠡᠬᠦ ᠲᠥᠪ ᠵᠡᠷᠭᠡ ᠭᠠᠵᠠᠷ ᠲᠤ ᠬᠦᠷᠴᠦ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠥᠬᠦ ᠬᠤᠰᠢᠭᠤᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠬᠡᠷᠡᠭᠵᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ | ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠳᠤᠷᠠᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠦᠷᠢᠮ︾ ᠪᠣᠯ ᠬᠤᠯᠪᠣᠭᠳᠠᠯ | ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠲᠦᠷᠢᠮ | ᠮᠥᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ | ᠭᠦᠨᠵᠡᠭᠡᠶ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ | ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ ᠪᠥᠬᠦ ᠲᠠᠯ᠎ᠠ ᠪᠠᠷ ᠡᠵᠡᠮᠳᠡᠵᠦ᠂ ᠨᠠᠩ ᠥᠨᠳᠥᠷ | ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ | ᠪᠣᠯᠭᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠤᠨ ᠬᠢᠯᠠᠰ ᠴᠡᠭ ᠪᠠ ᠦᠷ᠎ᠡ ᠪᠦᠲᠦᠮᠵᠢ ᠶᠢ | ᠰᠢᠰᠲ᠋ᠧᠮ ᠲᠠᠢ ᠡᠮᠬᠢᠯᠡᠵᠦ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠵᠤ᠂ ᠡᠯ᠎ᠡ | ᠭᠠᠵᠠᠷ ᠤᠨ ᠰᠠᠨᠠᠯ ᠢ ᠭᠦᠢᠴᠡᠳ ᠰᠣᠨᠣᠰᠴᠤ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠬᠠᠤᠯᠢ | ᠲᠣᠭᠲᠠᠭᠠᠬᠤ ᠶᠠᠰᠤ ᠴᠢᠨᠠᠷ ᠢ ᠪᠠᠲᠤᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠳᠤ ᠬᠦᠴᠦᠲᠡᠶ ᠬᠠᠤᠯᠢ ᠪᠠᠷ ᠵᠠᠰᠠᠬᠤ | ᠪᠠᠲᠤᠯᠠᠭ᠎ᠠ ᠬᠠᠩᠭᠠᠨ᠎ᠠ ᠭᠡᠪᠡ᠃ | ᠵᠠᠩ ᠵᠢᠶᠠᠨ ᠪᠢᠨ᠂ ᠵᠠᠩ ᠰᠢᠤ ᠴᠢᠩ ᠪᠠᠷ᠎ᠠ ᠪᠤᠯᠤᠯᠴᠠᠨ ᠪᠠᠶᠢᠴᠠᠭᠠᠨ ᠰᠤᠳᠤᠯᠪᠠ᠃ | | | ᠵᠣᠬᠢᠶᠠᠭᠴᠢ᠄ ᠴᠢ ᠷᠦᠢ ᠶᠢᠨ᠂ ᠯᠢ ᠷᠦᠩ ᠰᠢᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |