4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠪᠦᠯᠬᠦᠮ ᠳᠠᠭᠠᠭᠤᠯᠤᠨ ᠵᠥᠩ ᠯᠢᠶᠠᠨ ᠱᠦᠢᠨᠢ ᠶᠢᠨ ᠺᠣᠮᠫᠠᠨᠢ᠂ ᠬᠡᠰᠡᠭ ᠠᠭᠤᠷᠬᠠᠶ ᠳᠤ ᠬᠦᠷᠴᠦ | ᠠᠶᠤᠯᠭᠦᠶ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ | ᠰᠤᠳᠤᠯᠤᠭᠰᠠᠨ ᠪᠥᠭᠡᠳ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠠᠵᠤ | ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠪᠡ᠃ | ᠵᠦᠩ ᠯᠢᠶᠠᠨ ᠱᠦᠢᠨᠢ ᠶᠢᠨ ᠺᠣᠮᠫᠠᠨᠢ ᠳᠤ᠂ ᠵᠠᠩ ᠵᠢᠶᠠᠨ ᠪᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ | ᠥᠭᠡᠷᠡᠴᠢᠯᠡᠯᠲᠡ ᠶᠢᠨ ᠲᠡᠰ ᠳᠡᠪᠰᠢᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠠᠶᠤᠯᠭᠦᠢ ᠦᠢᠯᠡᠳᠪᠦᠷᠢᠯᠡᠯ ᠪᠣᠯᠤᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ | ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠯᠠᠪᠯᠠᠨ ᠠᠰᠠᠭᠤᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ | ᠪᠣᠯᠤᠨ ᠰᠠᠨᠠᠭᠤᠯᠭ᠎ᠠ ᠳᠤᠷᠠᠳᠴᠠᠢ᠃ | ᠵᠠᠩ ᠵᠢᠶᠠᠨ ᠪᠢᠨ᠂ ᠠᠵᠤ ᠠᠬᠤᠶᠢᠯᠠᠯ ᠤᠨ ᠬᠢᠨ ᠪᠣᠳᠠᠲᠠᠢ ᠳᠤ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ | ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ | ᠲᠠᠯᠪᠢᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠳᠡᠭᠡᠭᠰᠢᠯᠡᠯᠲᠡ ᠶᠢ ᠶᠡᠬᠡᠪᠡᠷ ᠠᠬᠢᠭᠤᠯᠵᠤ᠂ ᠦᠢᠯᠡᠳᠪᠦᠷᠢᠯᠡᠯ ᠤᠨ | ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ | ᠦᠢᠯᠡᠳᠪᠦᠷᠢᠯᠡᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠴᠣᠷᠤᠩᠭᠤᠢ ᠦᠢᠯᠡᠳᠪᠦᠷᠢᠯᠡᠯ ᠤᠨ | ᠴᠢᠳᠠᠪᠤᠷᠢ ᠶᠢ ᠰᠢᠭᠰᠢᠭᠳᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ | ᠪᠤᠶᠢᠵᠢᠭᠤᠯᠤᠨ ᠪᠦᠷᠢᠯᠳᠦᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ | ᠰᠢᠨ᠎ᠡ ᠪᠠᠶᠢᠳᠠᠯ ᠴᠢᠳᠠᠪᠤᠷᠢ ᠶᠢ ᠬᠤᠷᠠᠮᠳᠤᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ | ᠪᠥᠬᠦ ᠬᠤᠰᠢᠭᠤᠨ ᠤ ᠡᠯ᠎ᠡ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ | ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠠ ᠠᠵᠢᠯ | ᠲᠥᠷᠥᠯ ᠤᠨ ᠵᠢᠯᠣᠭᠤᠳᠣᠯᠭ᠎ᠠ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠵᠤᠶᠢᠯ ᠤᠨ ᠡᠬᠢ ᠪᠠᠶᠠᠯᠢᠭ ᠪᠠ ᠲᠥᠷᠥ ᠶᠢᠨ | ᠪᠣᠳᠣᠯᠭ᠎ᠠ ᠶᠢ ᠣᠨᠣᠴᠠᠲᠠᠶ ᠵᠣᠬᠢᠴᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ | ᠵᠣᠪᠠᠭᠤᠷᠢ ᠶᠢ ᠰᠢᠢᠳᠪᠦᠷᠢᠯᠡᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠴᠢᠳᠠᠪᠤᠷᠢ ᠪᠠᠨ | ᠥᠷᠭᠡᠳᠬᠡᠬᠦ᠂ ᠬᠡᠯᠬᠢᠶ᠎ᠡ ᠪᠠᠨ ᠤᠷᠲᠤᠳᠬᠠᠬᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠥᠬᠦ | ᠬᠦᠴᠦᠨ ᠢᠶᠠᠷ ᠢᠶᠠᠨ ᠳᠡᠮᠵᠢᠬᠦ ᠬᠡᠷᠡᠭᠲᠡᠶ᠃ | ᠳᠠᠷᠠᠭ᠎ᠠ ᠨᠢ᠂ ᠵᠠᠩ ᠵᠢᠶᠠᠨ ᠪᠢᠨ ᠪᠦᠯᠬᠦᠮ ᠳᠠᠭᠠᠭᠤᠯᠤᠨ ᠵᠦᠩ ᠯᠢᠶᠠᠨ ᠱᠦᠢᠨᠢ ᠶᠢᠨ ᠬᠢᠵᠠᠭᠠᠷᠲᠤ ᠺᠣᠮᠫᠠᠨᠢ ᠶᠢᠨ | ᠡᠯ ᠳ᠋ᠤᠤ ᠸᠠᠨ ᠴᠣᠬᠤᠢ ᠶᠢᠨ ᠴᠢᠯᠠᠭᠤᠯᠢᠭ ᠤᠨ ᠠᠭᠤᠷᠬᠠᠢ᠂ ᠮᠧᠩ ᠸᠧᠢ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠵᠡᠭᠦᠨ ᠤᠰᠤᠨ ᠴᠣᠬᠤᠢ ᠶᠢᠨ ᠴᠢᠯᠠᠭᠤᠯᠢᠭ ᠤᠨ ᠠᠭᠤᠷᠬᠠᠢ ᠳᠤ ᠬᠦᠷᠴᠦ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠠᠶᠤᠯᠭᠦᠢ ᠦᠢᠯᠡᠳᠪᠦᠷᠢᠯᠡᠯ ᠨᠢ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠭᠳᠠᠨ᠎ᠠ᠂ ᠶᠠᠭᠠᠬᠢᠭᠰᠠᠨ ᠴᠤ ᠬᠥᠩᠭᠡᠪᠴᠢᠯᠡᠵᠦ ᠪᠣᠯᠬᠤ ᠦᠭᠡᠢ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠳ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ | ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠳᠠᠯᠳᠠ ᠬᠡᠮ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ | ᠪᠣᠯᠪᠠᠰᠤᠷᠠᠭᠤᠯᠤᠯ ᠢ ᠦᠨᠡᠨᠬᠦ ᠴᠢᠩᠭᠠᠳᠬᠠᠵᠤ᠂ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠦᠵᠡᠯ ᠤᠬᠠᠮᠰᠠᠷ ᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠴᠢᠩᠭᠠᠳᠬᠠᠵᠤ᠂ ᠱᠠᠯᠠᠪᠳᠠᠭᠤᠯᠤᠨ ᠵᠢᠯᠣᠭᠤᠳᠴᠤ ᠵᠢᠯᠣᠭᠤᠳᠬᠤ ᠪᠠᠨ | ᠴᠢᠩᠭᠠᠳᠬᠠᠵᠤ᠂ ᠠᠶᠤᠯᠭᠦᠢ ᠠᠭᠤᠷᠬᠠᠢ ᠳᠤ ᠰᠠᠭᠤᠷᠢ ᠶᠢ ᠪᠠᠲᠤᠳᠬᠠᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠣᠶᠢᠯᠠᠭᠠᠭᠳᠠᠬᠤᠨ ᠢ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠵᠤ ᠬᠠᠮᠠᠭᠠᠯᠠᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠵᠢᠭᠦᠯᠦᠨ ᠵᠢᠷᠤᠵᠤ ᠲᠥᠯᠥᠪᠯᠡᠵᠦ᠂ | ᠵᠠᠰᠠᠬᠤ ᠵᠠᠭᠪᠤᠷ ᠤᠨ ᠰᠢᠨ᠎ᠡ ᠶᠢ ᠡᠭᠦᠳᠴᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |