4 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠯᠪᠣᠭᠠᠲᠤ ᠬᠤᠷᠰᠢᠶ᠎ᠠ | 2025 ᠣᠨ ᠤ ᠮᠠᠯᠵᠢᠬᠤ ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ ᠬᠦᠢᠯᠭᠡᠭᠡᠨ ᠤ ᠦᠢᠯᠡᠴᠢᠯᠡᠭᠡ ᠶᠢ | ᠪᠥᠬᠦ ᠲᠠᠯ᠎ᠠ ᠪᠠᠷ ᠰᠤᠷᠪᠤᠯᠵᠢᠯᠠᠨ ᠠᠬᠢᠭᠤᠯᠬᠤ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ | ᠰᠤᠷᠪᠤᠯᠵᠢᠯᠠᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠥᠷᠨᠢᠭᠦᠯᠬᠦ ᠶᠢ ᠠᠬᠢᠭᠤᠯᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠬᠠᠮᠲᠤ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠪᠠᠷ ᠵᠣᠷᠢᠯᠭ᠎ᠠ ᠪᠠᠨ ᠪᠣᠯᠭᠠᠵᠠᠶ᠃ | ᠪᠠᠶᠠᠨᠴᠠᠭᠠᠨ ᠪᠠᠯᠭᠠᠰᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ | ᠤᠷᠢᠯᠭ᠎ᠠ ᠪᠠᠷ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠯᠪᠣᠭᠠᠲᠤ ᠬᠤᠷᠰᠢᠶ᠎ᠠ ᠶᠢᠨ ᠭᠤᠤᠯ ᠬᠠᠷᠢᠭᠤᠴᠠᠯᠭᠠᠲᠠᠨ᠂ ᠪᠠᠶᠠᠨᠴᠠᠭᠠᠨ ᠪᠠᠯᠭᠠᠰᠤ ᠵᠢᠴᠢ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ ᠲᠠᠰ ᠳᠠᠷᠠᠭᠠᠯᠠᠨ ᠶᠠᠷᠢᠶ᠎ᠠ ᠲᠠᠯᠪᠢᠪᠠ᠃ | ᠪᠠᠶᠢᠭᠤᠯᠤᠮᠵᠢ᠂ ᠬᠢᠨᠠᠨ ᠵᠢᠯᠣᠭᠤᠳᠬᠤ ᠳᠤᠭᠤᠶᠢᠯᠠᠩ ᠪᠣᠯᠤᠨ ᠵᠠᠰᠠᠭ ᠵᠠᠬᠢᠷᠭᠠᠨ ᠤ ᠲᠣᠰᠬᠤᠨ ᠤ ᠲᠥᠯᠥᠭᠡᠯᠡᠭᠴᠢ | ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ᠂ ᠬᠤᠯᠪᠣᠭᠠᠲᠤ ᠬᠤᠷᠰᠢᠶ᠎ᠠ ᠶᠢᠨ ᠭᠤᠣᠯ | ᠬᠠᠷᠢᠭᠤᠴᠠᠯᠭᠠᠲᠠᠨ ᠯᠢ ᠮᠢᠨ ᠢᠲᠡᠭᠡᠮᠵᠢ ᠶᠢᠨ ᠬᠤᠷᠰᠢᠶ᠎ᠠ ᠶᠢᠨ ᠬᠠᠷᠢᠭᠤᠴᠠᠯᠭᠠᠲᠠᠨ ᠲᠠᠢ ᠬᠠᠷᠢᠭᠤᠴᠠᠯᠭ᠎ᠠ ᠶᠢᠨ ᠪᠢᠴᠢᠭ | ᠲᠣᠭᠲᠠᠬᠤ ᠬᠡᠷᠡᠭᠲᠡᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠪᠠᠶᠢᠭᠤᠯᠤᠮᠵᠢ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ | ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠥᠨᠳᠥᠷ ᠪᠦᠲᠦᠮᠵᠢᠲᠡᠢ ᠠᠵᠢᠯ ᠤᠨ ᠪᠦᠲᠦᠴᠡ ᠶᠢ | ᠢᠳᠡᠪᠬᠢᠲᠡᠢ ᠡᠭᠦᠳᠴᠦ᠂ ᠤᠯᠠᠨ ᠲᠠᠯ᠎ᠠ ᠶᠢᠨ ᠤᠯᠤᠯᠴᠠᠭ᠎ᠠ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ᠪᠥᠬᠦ | ᠠᠵᠢᠯᠲᠠᠳ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠨᠠᠶᠢᠳᠠᠪᠤᠷᠢᠵᠢᠭᠤᠯᠵᠤ᠂ | ︽ᠬᠠᠳᠠᠭᠠᠰᠤ ᠬᠠᠳᠠᠬᠤ ᠵᠣᠷᠢᠭ ᠰᠠᠨᠠᠭ᠎ᠠ︾ ᠪᠠ ︽ᠬᠤᠸᠠᠷ ᠬᠠᠳᠬᠤᠬᠤ ᠡᠷᠳᠡᠮ︾ ᠢᠶᠠᠷ ᠡᠯ᠎ᠡ ᠵᠦᠢᠯ ᠤᠨ | ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠬ᠎ᠠ | ᠳᠡᠯᠭᠡᠭᠦᠷ ᠤᠨ ᠥᠷᠢᠰᠦᠯᠳᠦᠭᠡᠨ ᠤ ᠳᠠᠪᠠᠭᠤᠯᠢᠭ ᠢ ᠴᠢᠩᠭᠠᠷᠠᠭᠤᠯᠤᠨ᠂ ᠣᠷᠣᠨ ᠨᠤᠲᠤᠭ ᠤᠨ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠬᠤᠷᠠᠯ ᠤᠨ ᠳᠠᠷᠠᠭ᠎ᠠ᠂ ᠬᠠᠮᠢᠶ᠎ᠠ | ᠪᠥᠬᠦᠶ ᠠᠵᠢᠯ ᠤᠨ ᠲᠥᠰᠦᠯ ᠤᠨ ᠲᠣᠭᠤᠷᠢᠨ ᠳᠤ ᠪᠣᠯᠪᠠᠰᠤᠷᠠᠭᠤᠯᠤᠯ ᠬᠢᠪᠠ᠃ | | ᠵᠣᠬᠢᠶᠠᠭᠴᠢ᠄ ᠹᠠᠨ ᠵᠢᠶᠠ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |