4 ᠰᠠᠷ᠎ᠠ ᠶᠢᠨ 17 ᠤ ᠡᠳᠦᠷ᠂ ᠪᠥᠬᠦ ᠬᠤᠰᠢᠭᠤᠨ ᠤ ᠬᠡᠷ ᠪᠠᠶᠢᠰᠢᠩ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠠᠵᠢᠯ ᠢ ᠡᠬᠢᠯᠡᠭᠦᠯᠵᠦ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠬᠡᠷ ᠪᠠᠶᠢᠰᠢᠩ | ᠪᠠᠷᠢᠯᠭ᠎ᠠ ᠶᠢᠨ ᠠᠵᠢᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠲᠤᠰᠬᠠᠶ ᠰᠡᠳᠦᠪᠲᠦ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ | ᠴᠠᠩ ᠶᠠ ᠨᠢᠩ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ ᠲᠥᠷᠥᠯ | ᠵᠦᠢᠯ ᠤᠨ 17 ᠬᠠᠮᠢᠶ᠎ᠠ ᠪᠥᠬᠦᠶ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠮᠤᠷ ᠲᠦᠪᠰᠢᠨ᠂ | ᠪᠣᠬᠢᠷᠲᠤᠯ ᠦᠭᠡᠢ ᠪᠠᠷᠢᠯᠭ᠎ᠠ᠂ ᠠᠵᠢᠯ ᠢᠶᠠᠨ ᠡᠬᠢᠯᠡᠭᠦᠯᠵᠦ ᠰᠡᠷᠭᠦᠭᠡᠬᠦ ᠵᠢᠴᠢ ᠪᠠᠷᠢᠯᠭ᠎ᠠ ᠶᠢᠨ ᠵᠠᠬ᠎ᠠ ᠳᠡᠯᠭᠡᠭᠦᠷ ᠵᠡᠷᠭᠡ | ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠠᠵᠢᠯ ᠢ ᠡᠬᠢᠯᠡᠭᠦᠯᠬᠦ ᠪᠠ ᠰᠡᠷᠭᠦᠭᠡᠬᠦ | ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠢᠨᠠᠭᠤᠷ ᠣᠪᠣᠷ ᠢᠶᠠᠷ ᠡᠯ᠎ᠡ ᠵᠦᠢᠯ ᠤᠨ | ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠭᠦᠨ ᠤ | ᠬᠠᠮᠲᠤ ᠣᠳᠣᠬᠠᠨ ᠳᠤ ᠬᠡᠰᠡᠭ ᠪᠥᠲᠥᠭᠡᠨ ᠪᠠᠶᠢᠭᠤᠯᠤᠯᠲᠠ ᠶᠢᠨ ᠨᠢᠭᠡᠴᠡ ᠳᠤ ᠠᠮᠤᠷ ᠲᠦᠪᠰᠢᠨ ᠤ ᠤᠬᠠᠮᠰᠠᠷ | ᠪᠠᠭᠤᠷᠠᠶ᠂ ᠠᠮᠤᠷ ᠲᠦᠪᠰᠢᠨ ᠤ ᠬᠠᠮᠢᠶᠠᠷᠤᠯᠲᠠ ᠳᠤᠲᠠᠭᠳᠠᠵᠤ᠂ ᠡᠭᠦᠷᠭᠡ ᠬᠠᠷᠢᠭᠤᠴᠠᠯᠭ᠎ᠠ ᠪᠠᠨ | ᠪᠣᠳᠠᠲᠠᠶᠢᠵᠢᠭᠤᠯᠤᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢᠶᠠᠷ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ | ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠮᠢᠶ᠎ᠠ ᠪᠦᠬᠦᠢ ᠠᠵᠢᠯ ᠢ | ᠤᠷᠤᠭᠰᠢᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠨᠢᠭᠡᠴᠡ ᠬᠠᠮᠲᠤ ᠪᠠᠷ ᠴᠢᠷᠮᠠᠶᠢᠵᠤ᠂ | ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠵᠤ᠂ ᠪᠥᠬᠦ ᠬᠤᠰᠢᠭᠤᠨ ᠤ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ | | | ᠵᠣᠬᠢᠶᠠᠭᠴᠢ᠄ ᠹᠠᠨ ᠵᠢᠶᠠ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |