4 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠦᠸᠧ ᠶᠤᠸᠠᠨ ᠶᠤᠸᠠᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠬᠤᠰᠢᠭᠤᠨ ᠤ ᠬᠤᠶᠢᠴᠢ ᠦᠶ᠎ᠡ ᠪᠠᠨ | ᠬᠠᠯᠠᠮᠵᠢᠯᠠᠬᠤ ᠠᠵᠢᠯ ᠤᠨ ᠮᠡᠳᠡᠭᠦᠯᠦᠯᠲᠡ ᠬᠢᠪᠠ᠃ | ᠬᠤᠷᠠᠯ ᠠᠴᠠ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ | ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ | ᠨᠠᠩ ᠴᠤ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠪᠠᠶᠢᠭᠤᠯᠤᠭᠳᠠᠭᠰᠠᠨ 35 | ᠵᠢᠯ ᠤᠨ ᠣᠶ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠪᠥᠬᠦ ᠬᠤᠰᠢᠭᠤᠨ ᠤ ᠡᠯ᠎ᠡ ᠱᠠᠲᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠪᠠ ︽ᠲᠠᠪᠤᠨ | ᠠᠬᠠᠮᠠᠳ︾ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠠᠰᠤᠷᠠᠯᠲᠠ ᠥᠬᠡᠶ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠠᠯᠠᠭᠤᠴᠤᠳ ᠪᠠᠭᠠᠴᠤᠳ ᠲᠤ ᠢᠳᠡᠪᠬᠢ ᠬᠦᠴᠦᠨ ᠢ | ᠳᠠᠮᠵᠢᠭᠤᠯᠬᠤ ᠪᠠᠷ ᠴᠢᠷᠮᠠᠶᠢᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ | ᠨᠡᠮᠡᠷᠢᠯᠡᠬᠦ ᠬᠡᠷᠡᠭᠲᠡᠶ᠃ ᠨᠠᠮ ᠵᠠᠰᠠᠭ ᠤᠨ ᠲᠤᠯᠭᠠᠮ᠎ᠠ᠂ ᠵᠠᠯᠠᠭᠤᠴᠤᠳ ᠪᠠᠭᠠᠴᠤᠳ ᠤᠨ ᠬᠡᠷᠡᠭᠴᠡᠭᠡ᠂ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ᠴᠢᠳᠠᠪᠤᠷᠢ ᠶᠢᠨ ᠲᠣᠭᠤᠷᠢᠨ ᠳᠤ᠂ ᠠᠵᠢᠯ ᠤᠨ ᠭᠠᠷᠳᠠᠬᠤ ᠴᠡᠭ᠂ | ᠬᠦᠴᠦᠯᠡᠬᠦ ᠴᠡᠭ ᠢ ᠣᠨᠣᠪᠴᠢᠲᠠᠢ ᠣᠯᠵᠤ᠂ ︽ᠲᠠᠪᠤᠨ ᠠᠬᠠᠮᠠᠳ︾ ᠤᠨ ᠳᠠᠪᠠᠭᠤᠯᠢᠭ ᠢ ᠪᠠᠳᠠᠷᠠᠭᠤᠯᠵᠤ᠂ ᠪᠦᠬᠦ | ᠬᠤᠰᠢᠭᠤᠨ ᠤ ᠵᠠᠯᠠᠭᠤᠴᠤᠳ ᠪᠠᠭᠠᠴᠤᠳ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠪᠡ᠃ | | | ᠵᠣᠬᠢᠶᠠᠭᠴᠢ᠄ ᠴᠢ ᠷᠦᠢ ᠶᠢᠨ᠂ ᠪᠤᠯᠠᠭ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |