4 ᠰᠠᠷ᠎ᠠ ᠶᠢᠨ 17 ᠤ ᠡᠳᠦᠷ᠂ ᠾᠧᠨᠠᠨ ᠮᠤᠵᠢ ᠶᠢᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠭᠡᠰᠢᠭᠦᠨ ᠯᠢ ᠭᠠᠩ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠴᠢᠨᠠᠷ ᠰᠠᠶᠢᠲᠠᠶ | ᠭᠦᠢᠴᠡᠳ ᠠᠵᠢᠯ ᠣᠯᠭᠤᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠤᠯᠠ ᠠᠵᠢᠯ ᠤᠨ ᠵᠠᠬ᠎ᠠ ᠳᠡᠯᠭᠡᠭᠦᠷ᠂ ᠤᠯᠠᠭᠠᠨᠴᠠᠪ ᠤᠨ ᠭᠠᠯᠲᠤ ᠠᠭᠤᠯᠠ ᠶᠢᠨ ᠠᠵᠢᠯ ᠦᠢᠯᠡᠰ ᠴᠣᠭᠴᠠᠯᠠᠵᠤ ᠠᠵᠢᠯ | ᠣᠯᠭᠤᠬᠤ ᠲᠥᠪ ᠵᠢᠴᠢ ᠬᠡᠰᠡᠭ ᠭᠠᠯᠲᠤ ᠠᠭᠤᠯᠠ ᠶᠢᠨ ᠠᠷᠠᠳ ᠤᠨ ᠣᠷᠣᠨ ᠰᠠᠭᠤᠴᠠ ᠳᠤ ᠬᠦᠷᠴᠦ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢᠨ ᠠᠵᠢᠯ ᠢ | ᠬᠡᠷᠡᠭᠵᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠭᠦᠢᠴᠡᠳ | ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠬᠢᠭᠰᠡᠨ ᠠᠵᠢᠯ ᠢ ᠨᠤᠲᠠᠯᠠᠪᠠ᠃ | ᠣᠶᠢᠷ᠎ᠠ ᠶᠢᠨ ᠵᠢᠯ ᠠᠴᠠ ᠨᠠᠰᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠭᠠᠯᠲᠤ ᠠᠭᠤᠯᠠ ᠶᠢᠨ ᠡᠬᠢ | ᠪᠠᠶᠠᠯᠢᠭ ᠲᠤ ᠲᠦᠰᠢᠭᠯᠡᠨ᠂ ︽ᠰᠣᠶᠣᠯ ᠵᠢᠭᠤᠯᠴᠢᠯᠠᠯ ᠤᠨ ᠠᠵᠢᠯ ᠣᠯᠭᠤᠯᠲᠠ︾ ᠶᠢᠨ ᠠᠷᠭ᠎ᠠ ᠵᠠᠮ ᠢ ᠬᠠᠶᠢᠨ | ᠰᠦᠪᠡᠭᠴᠢᠯᠡᠭᠰᠡᠨ ᠨᠢ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠣᠶᠢᠯᠠᠭᠠᠭᠰᠠᠨ ᠢᠶᠠᠷ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ 2024 ᠣᠨ ᠳᠤ ︽ᠭᠠᠯᠲᠤ ᠠᠭᠤᠯᠠ ᠶᠢᠨ ᠰᠣᠶᠣᠯ ᠵᠢᠭᠤᠯᠴᠢᠯᠠᠯ︾ ᠢᠶᠠᠷ | ᠳᠠᠮᠵᠢᠭᠤᠯᠤᠨ ᠪᠥᠬᠦ ᠬᠤᠰᠢᠭᠤᠨ ᠤ 3000 ᠭᠠᠷᠤᠶ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠳᠠᠶᠢᠴᠢᠯᠠᠵᠤ᠂ | ᠡᠷᠦᠬᠡ ᠳᠤᠮᠳᠠᠴᠢ ᠶᠢᠨ ᠣᠷᠣᠯᠭ᠎ᠠ 1.2 ᠲᠦᠮᠡᠨ ᠲᠥᠭᠦᠷᠢᠭ ᠨᠡᠮᠡᠭᠳᠡᠵᠦ᠂ 5000 ᠭᠠᠷᠤᠶ ᠠᠵᠢᠯ ᠤᠨ ᠪᠠᠶᠢᠷᠢ | ᠡᠭᠦᠳᠴᠦ᠂ GDP ᠶᠢᠨ ᠨᠡᠮᠡᠭᠳᠡᠯ ᠢ 2 ᠵᠠᠭᠤᠨ ᠤ ᠨᠢᠭᠡᠴᠢ ᠳᠠᠶᠢᠴᠢᠯᠠᠵᠤ᠂ ᠲᠠᠷᠠᠭᠠᠴᠢ ᠶᠢᠨ ᠠᠯᠬᠤᠮ ᠳᠤ | ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠲᠤᠭ᠎ᠠ ᠬᠡᠮᠵᠢᠶ᠎ᠡ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠠᠬᠢᠭᠤᠯᠵᠤ᠂ | ᠬᠤᠰᠢᠭᠤᠨ ᠤ ᠬᠡᠪᠴᠢᠶᠡᠨ ᠤ ᠠᠵᠤ ᠠᠬᠤᠶ ᠳᠤ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | ᠵᠠᠩ ᠫᠧᠩ᠂ ᠵᠠᠩ ᠶᠢᠦ ᠴᠢᠤᠸᠠᠨ᠂ ᠰᠢᠶᠧ ᠨᠠᠨ᠂ ᠵᠠᠩ ᠰᠢᠤ ᠴᠢᠩ᠂ ᠴᠠᠩ ᠶᠠ ᠨᠢᠩ᠂ ᠵᠤᠤ ᠵᠧᠨ ᠯᠢ | ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃ | | | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |