ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ᠂ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ᠂ | ᠲᠡᠷᠢᠭᠦᠨ ᠤ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠳᠡᠯᠭᠡᠷᠡᠭᠦᠯᠬᠦ ᠶᠢᠨ ᠲᠥᠯᠥᠭᠡ 4 ᠰᠠᠷ᠎ᠠ ᠶᠢᠨ 17 ᠤ ᠡᠳᠦᠷ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠲᠤᠬᠠᠶ ᠶᠢᠨ ᠲᠠᠯᠠᠪᠠᠶ ᠶᠢᠨ ᠬᠤᠷᠠᠯ ᠮᠢᠩ ᠳ᠋ᠧ ᠪᠠᠭ᠎ᠠ ᠰᠤᠷᠭᠠᠭᠤᠯᠢ ᠪᠣᠯᠤᠨ ᠹᠧᠩ ᠬᠤᠸᠠ ᠰᠤᠷᠭᠠᠭᠤᠯᠢ ᠳᠤ | ᠲᠣᠭᠲᠠᠭᠰᠠᠨ ᠬᠤᠭᠤᠴᠠᠭᠠᠨ ᠳᠤ ᠶᠠᠪᠤᠭᠳᠠᠵᠤ᠂ ᠲᠣᠰ ᠤᠳᠠᠭᠠᠨ ᠤ ᠠᠵᠢᠯᠯᠠᠭ᠎ᠠ ᠨᠢ ᠬᠢᠴᠢᠶᠡᠯ ᠤᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢ ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠤᠳᠤᠷᠢᠳᠤᠯᠭ᠎ᠠ᠂ ᠡᠯ᠎ᠡ ᠲᠠᠰᠤᠭ ᠤᠨ ᠳᠠᠷᠤᠭ᠎ᠠ᠂ ᠬᠤᠰᠢᠭᠤᠨ ᠳᠣᠲᠣᠷᠠᠬᠢ ᠳᠤᠮᠳᠠᠳᠤ | ᠪᠠᠭ᠎ᠠ ᠰᠤᠷᠭᠠᠭᠤᠯᠢ ᠶᠢᠨ ᠵᠠᠬᠢᠷᠤᠯ᠂ ᠰᠤᠷᠭᠠᠨ ᠬᠥᠮᠦᠵᠢᠯ ᠤᠨ ᠶᠠᠪᠤᠳᠠᠯ ᠤᠨ ᠡᠷᠬᠢᠯᠡᠭᠴᠢ ᠠᠵᠢᠯᠯᠠᠭ᠎ᠠ ᠳᠤ | ᠣᠷᠣᠯᠴᠠᠵᠠᠶ᠃ | | ᠦᠳᠡ ᠶᠢᠨ ᠡᠮᠦᠨ᠎ᠡ᠂ ᠮᠢᠩ ᠳ᠋ᠧ ᠪᠠᠭ᠎ᠠ ᠰᠤᠷᠭᠠᠭᠤᠯᠢ ᠬᠢᠴᠢᠶᠡᠯ ᠤᠨ ᠪᠠᠶᠢᠭᠤᠯᠤᠯᠲᠠ ᠶᠢᠨ ᠲᠤᠷᠰᠢᠯᠲᠠ ᠶᠢᠨ | ᠰᠤᠷᠭᠠᠭᠤᠯᠢ ᠪᠣᠯᠤᠭᠰᠠᠨ ᠤ ᠬᠤᠪᠢ ᠳᠤ᠂ ᠡᠩ ᠲᠡᠷᠢᠭᠦᠨ ᠳᠤ ᠲᠤᠬᠠᠢ ᠶᠢᠨ ᠲᠠᠯᠠᠪᠠᠢ ᠶᠢᠨ ᠬᠤᠷᠠᠯ ᠤᠨ ᠬᠥᠰᠢᠭᠡ ᠶᠢ | ᠰᠡᠬᠦᠪᠡ᠃ ᠰᠤᠷᠭᠠᠭᠤᠯᠢ ᠶᠢᠨ ᠬᠦᠷᠢᠶᠡᠨ ᠤ ᠬᠠᠪᠤᠷ ᠤᠨ ᠠᠭᠤᠷ ᠠᠮᠢᠰᠬᠤᠯ ᠪᠢᠯᠬᠠᠵᠤ᠂ ᠠᠮᠢᠵᠢᠷᠠᠯ ᠤᠨ ᠬᠦᠴᠦᠨ | ᠪᠢᠯᠬᠠᠨ᠎ᠠ᠃ ᠪᠡᠶ᠎ᠡ ᠴᠢᠭᠢᠷᠠᠭᠵᠢᠭᠤᠯᠬᠤ ᠬᠢᠴᠢᠶᠡᠯ ᠤᠨ ᠦᠵᠡᠭᠦᠯᠦᠯᠭᠡ ᠶᠢᠨ ᠭᠤᠭᠴᠤᠭ᠎ᠠ ᠳᠤ᠂ ᠰᠠᠭᠰᠤᠨ | ᠪᠥᠮᠪᠦᠭᠡ ᠶᠢᠨ ᠲᠠᠯᠠᠪᠠᠢ ᠳᠡᠭᠡᠷᠡᠬᠢ ᠪᠢᠴᠢᠬᠠᠨ ᠪᠥᠮᠪᠦᠭᠡᠴᠢᠳ ᠤᠨ ᠪᠡᠶ᠎ᠡ ᠴᠢᠭᠢᠷᠠᠭᠵᠢᠭᠤᠯᠬᠤ ᠳᠦᠷᠢ ᠲᠥᠷᠬᠦ᠂ ᠬᠥᠯ | ᠪᠥᠮᠪᠦᠭᠡ ᠶᠢᠨ ᠲᠠᠯᠠᠪᠤᠷ ᠳᠡᠭᠡᠷᠡᠬᠢ ᠬᠡᠦᠬᠡᠳ ᠤᠳ ᠤᠨ ᠬᠠᠮᠲᠦ ᠶᠢᠨ ᠠᠵᠢᠯᠯᠠᠭ᠎ᠠ᠂ ᠦᠰᠦᠷᠬᠦ ᠲᠣᠭᠯᠠᠭᠠᠮ ᠨᠢ | ᠬᠠᠮᠲᠤ ᠪᠠᠷ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠤᠷᠭᠠᠭᠤᠯᠢ ᠶᠢᠨ ᠬᠦᠷᠢᠶᠡᠨ ᠤ ᠵᠢᠷᠤᠭ ᠵᠤᠬᠢᠶᠠᠭᠰᠡᠨ | ᠪᠠᠶᠢᠨ᠎ᠠ᠃ ᠡᠨᠡ ᠨᠢ ᠮᠢᠩ ᠳ᠋ᠧ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠡᠪ | ᠪᠣᠯᠪᠠᠰᠤᠷᠠᠯ ᠪᠠ ᠳᠤᠷ᠎ᠠ ᠰᠣᠨᠢᠷᠬᠠᠯ ᠢ ᠬᠥᠮᠦᠵᠢᠭᠦᠯᠬᠦ ᠶᠢ ᠴᠢᠬᠤᠯᠠᠴᠢᠯᠠᠭᠰᠠᠨ ᠢᠶᠠᠷ ᠪᠠᠷᠠᠬᠤ ᠥᠬᠡᠶ᠂ ᠨᠠᠩ ᠴᠤ | ᠪᠡᠶ᠎ᠡ ᠶᠢᠨ ᠲᠠᠮᠢᠷ ᠤᠨ ᠤᠷᠠᠯᠢᠭ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠥᠷᠢᠰᠥᠯᠳᠦᠨ ᠳᠡᠯᠭᠡᠷᠡᠭᠦᠯᠪᠡ᠃ | | ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠮᠢᠩ ᠳ᠋ᠧ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠬᠦᠷᠢᠶᠡᠨ ᠤ ᠰᠣᠶᠣᠯ ᠪᠣᠯᠤᠨ ᠬᠤᠩᠭᠢᠯ ᠤᠨ ᠰᠣᠶᠣᠯ ᠢ ᠲᠣᠭᠤᠷᠢᠨ ᠦᠵᠡᠪᠡ᠃ ᠤᠯᠠᠭᠠᠨ ᠪᠥᠴᠡᠲᠡᠨ ᠤ | ᠲᠠᠶᠢᠯᠪᠤᠷᠢᠯᠠᠭᠴᠢ ᠠᠴᠠ ᠨᠢᠯᠬᠠᠰᠠᠭ ᠵᠥᠭᠡᠯᠡᠨ ᠢᠲᠡᠭᠡᠯ ᠲᠠᠢ ᠦᠭᠡ ᠪᠠᠷ ᠬᠤᠩᠭᠢᠯ ᠤᠨ ᠰᠣᠶᠣᠯ ᠤᠨ | ᠠᠭᠤᠯᠤᠭᠳᠠᠬᠤᠨ ᠤ ᠬᠠᠷᠠᠯᠲᠠ ᠶᠢ ᠲᠠᠶᠢᠯᠪᠤᠷᠢᠯᠠᠵᠤ ᠪᠠᠶᠢᠨ᠎ᠠ᠃ ᠮᠢᠩ ᠳ᠋ᠧ ᠪᠠᠭ᠎ᠠ ᠰᠤᠷᠭᠠᠭᠤᠯᠢ ᠶᠢᠨ ᠡᠯ᠎ᠡ | ᠴᠢᠳᠠᠪᠬᠢ ᠶᠢᠨ ᠲᠠᠰᠤᠭ ᠤᠨ ᠲᠥᠬᠦᠭᠡᠷᠦᠮᠵᠢ ᠪᠦᠷᠢᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠡᠯᠪᠡᠭ ᠪᠠᠶᠠᠯᠢᠭ | ᠪᠠᠶᠢᠵᠤ᠂ ᠬᠡᠦᠬᠡᠳ ᠤᠳ ᠲᠤ ᠳᠡᠯᠡᠬᠡᠢ ᠳ᠋ᠠᠬᠢᠨ ᠢ ᠬᠠᠶᠢᠨ ᠰᠦᠪᠡᠭᠴᠢᠯᠡᠬᠦ ᠴᠤᠩᠬᠤᠪᠴᠢ ᠬᠠᠩᠭᠠᠪᠠ᠃ ᠨᠠᠷᠠᠨ ᠤ | ᠭᠡᠷᠡᠯ ᠶᠡᠭᠡ ᠬᠢᠴᠢᠶᠡᠯ ᠤᠨ ᠵᠠᠪᠰᠠᠷ ᠤᠨ ᠭᠦᠶᠦᠯᠲᠡ ᠶᠢᠨ ᠲᠠᠮᠢᠷ ᠤᠨ ᠠᠵᠢᠯᠯᠠᠭ᠎ᠠ ᠨᠢ ᠮᠢᠩ ᠳ᠋ᠧ ᠰᠤᠷᠤᠭᠴᠢᠳ ᠤᠨ | ᠣᠶᠤᠨ ᠰᠠᠨᠠᠭᠠᠨ ᠤ ᠳᠦᠷᠰᠦ ᠪᠠᠢᠳᠠᠯ ᠢ ᠢᠯᠡᠷᠡᠭᠦᠯᠵᠦ᠂ ᠲᠡᠳᠡ ᠨᠠᠷ ᠠᠷᠤ ᠭᠡᠷᠡᠯ ᠤᠨ ᠳᠣᠣᠷ᠎ᠠ ᠰᠤᠷᠭᠠᠭᠤᠯᠢ ᠶᠢᠨ | ᠬᠦᠷᠢᠶᠡᠨ ᠤ ᠬᠠᠮᠤᠭ ᠤᠨ ᠰᠡᠳᠭᠢᠯ ᠬᠥᠳᠡᠯᠭᠡᠮ᠎ᠡ ᠵᠢᠷᠤᠭ ᠪᠣᠯᠵᠠᠢ᠃ | | ᠦᠨᠡᠨ ᠰᠡᠳᠬᠢᠵᠦ ᠪᠠᠶᠢᠭᠠᠳ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠲᠣᠭᠤᠷᠢᠨ ᠦᠵᠡᠬᠦ | ᠭᠤᠭᠴᠤᠭ᠎ᠠ ᠶᠢ ᠮᠢᠩ ᠳ᠋ᠧ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠨᠴᠠᠯᠢᠭ ᠢ ᠪᠦᠷᠢᠨ ᠭᠦᠢᠴᠡᠳ | ᠢᠯᠡᠷᠡᠭᠦᠯᠪᠡ᠃ ᠠᠳᠠᠯᠢ ᠪᠤᠰᠤ ᠬᠢᠴᠢᠶᠡᠯ ᠲᠥᠷᠥᠯ ᠨᠢ ᠥᠩᠭᠡ ᠪᠦᠷᠢ ᠶᠢᠨ ᠴᠡᠴᠡᠭ ᠢ ᠵᠡᠷᠭᠡᠪᠡᠷ ᠳᠡᠯᠭᠡᠷᠡᠭᠦᠯᠵᠦ᠂ | ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠳᠠᠭᠤᠤ | ᠬᠥᠭᠵᠢᠮ᠂ ᠡᠯᠡᠰᠦᠨ ᠵᠢᠷᠤᠭ ᠵᠡᠷᠭᠡ ᠬᠢᠴᠢᠶᠡᠯ ᠤᠨ ᠲᠠᠩᠬᠢᠮ ᠤᠳ ᠥᠪᠡᠷ ᠥᠪᠡᠷ ᠤᠨ ᠣᠨᠴᠠᠯᠢᠭ ᠲᠠᠢ ᠪᠠᠶᠢᠵᠤ᠂ | ᠪᠠᠭᠰᠢ ᠨᠠᠷ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠰᠡᠳᠬᠢᠨ ᠪᠣᠳᠣᠯᠬᠢᠯᠠᠵᠤ᠂ | ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠵᠦ᠂ ᠦᠨᠡᠨ ᠰᠡᠳᠬᠢᠬᠦ ᠴᠡᠴᠡᠭ ᠢ ᠬᠢᠴᠢᠶᠡᠯ ᠤᠨ ᠲᠠᠩᠬᠢᠮ ᠳᠡᠭᠡᠷ᠎ᠡ | ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠦᠳᠡ ᠶᠢᠨ ᠬᠤᠶᠢᠨ᠎ᠠ᠂ ᠲᠤᠬᠠᠶ ᠶᠢᠨ ᠲᠠᠯᠠᠪᠤᠷ ᠤᠨ ᠬᠤᠷᠠᠯ ᠠᠴᠠ ᠹᠧᠩ ᠬᠤᠸᠠ ᠰᠤᠷᠭᠠᠭᠤᠯᠢ ᠳᠤ ᠰᠢᠯᠵᠢᠨ | ᠡᠬᠢᠯᠡᠪᠡ᠃ ᠵᠣᠴᠢᠳ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠹᠧᠩ ᠬᠤᠸᠠ ᠰᠤᠷᠭᠠᠭᠤᠯᠢ ᠨᠢᠭᠡᠨ ᠤᠳᠠᠭᠠᠨ ᠤ | ᠭᠤᠶᠢᠳᠠ ᠰᠠᠶᠢᠬᠠᠨ ᠡᠬᠢᠯᠡᠯᠲᠡ ᠶᠢᠨ ᠦᠭᠡ ᠪᠠᠷ ᠦᠳᠡ ᠶᠢᠨ ᠬᠤᠶᠢᠨᠠᠬᠢ ᠠᠵᠢᠯᠯᠠᠭ᠎ᠠ ᠶᠢᠨ ᠬᠥᠰᠢᠭᠡ ᠶᠢ ᠰᠡᠬᠦᠪᠡ᠃ | ᠳᠠᠷᠠᠭ᠎ᠠ ᠨᠢ᠂ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠬᠢᠴᠢᠶᠡᠯ ᠤᠨ ᠲᠠᠩᠬᠢᠮ ᠤᠨ | ᠦᠵᠡᠭᠦᠯᠦᠯᠭᠡ᠂ ᠬᠠᠮᠲᠤ ᠪᠠᠷ ᠬᠢᠴᠢᠶᠡᠯ ᠦᠨᠡᠯᠡᠬᠦ ᠵᠡᠷᠭᠡ ᠭᠤᠭᠴᠤᠭ᠎ᠠ ᠶᠢ ᠲᠠᠰ ᠳᠠᠷᠠᠭᠠᠯᠠᠨ ᠥᠷᠨᠢᠭᠦᠯᠪᠡ᠃ | ᠬᠢᠴᠢᠶᠡᠯ ᠤᠨ ᠲᠠᠩᠬᠢᠮ ᠤᠨ ᠦᠵᠡᠭᠦᠯᠦᠯᠭᠡ ᠶᠢᠨ ᠭᠤᠭᠴᠤᠭ᠎ᠠ ᠳᠤ᠂ ᠹᠧᠩ ᠬᠤᠸᠠ ᠰᠤᠷᠭᠠᠭᠤᠯᠢ ᠶᠢᠨ ᠬᠤᠶᠠᠷ | ᠭᠤᠤᠯᠯᠠᠭᠴᠢ ᠪᠠᠭᠰᠢ ᠭᠤᠶᠢᠳᠠ ᠰᠠᠶᠢᠬᠠᠨ ᠦᠵᠡᠭᠦᠯᠦᠯᠭᠡ ᠶᠢᠨ ᠬᠢᠴᠢᠶᠡᠯ ᠢ ᠠᠪᠴᠢᠷᠠᠭᠰᠠᠨ ᠪᠠᠶᠢᠨ᠎ᠠ᠃ ᠲᠣᠭᠠᠨ ᠤ | ᠤᠬᠠᠭᠠᠨ ᠤ ᠪᠠᠭᠰᠢ ᠰᠦᠪᠡᠭᠴᠢᠯᠡᠬᠦ ᠮᠠᠶ᠋ᠢᠭ ᠤᠨ ᠵᠢᠭᠠᠨ ᠰᠤᠷᠭᠠᠯᠲᠠ ᠶᠢᠨ ᠬᠡᠯᠪᠡᠷᠢ ᠪᠠᠷ ᠰᠤᠷᠤᠭᠴᠢᠳ ᠤᠨ | ᠰᠤᠷᠤᠯᠴᠠᠬᠤ ᠳᠤᠷ᠎ᠠ ᠰᠣᠨᠢᠷᠬᠠᠯ ᠢ ᠬᠥᠭᠵᠢᠭᠡᠵᠦ᠂ ᠶᠣᠰᠣ ᠰᠤᠷᠲᠠᠬᠤᠨ ᠪᠠ ᠬᠠᠤᠯᠢ ᠪᠠᠷ ᠵᠠᠰᠠᠬᠤ ᠪᠠᠭᠰᠢ ᠬᠠᠷᠢᠨ | ᠠᠬᠤᠶ ᠪᠠᠶᠢᠳᠠᠯ ᠤᠨ ᠵᠢᠭᠠᠨ ᠰᠤᠷᠭᠠᠯᠲᠠ ᠶᠢᠨ ᠠᠷᠭ᠎ᠠ ᠪᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠢᠭᠠᠨ | ᠰᠤᠷᠭᠠᠯᠲᠠ ᠬᠢᠨ᠎ᠠ᠃ ᠪᠠᠭᠰᠢ ᠨᠠᠷ ᠤᠨ ᠵᠢᠭᠠᠨ ᠰᠤᠷᠭᠠᠬᠤ ᠵᠢᠷᠤᠭ ᠲᠥᠯᠥᠪᠯᠡᠭᠡ ᠨᠢ ᠵᠦᠶ ᠵᠣᠬᠢᠰᠲᠠᠶ᠂ ᠵᠢᠭᠠᠨ | ᠰᠤᠷᠭᠠᠬᠤ ᠭᠤᠭᠴᠤᠭ᠎ᠠ ᠨᠢ ᠪᠠᠴᠢᠮ ᠠᠪᠰᠠᠷᠬᠠᠨ᠂ ᠰᠤᠷᠤᠭᠴᠢᠳ ᠤᠨ ᠭᠤᠤᠯ ᠴᠣᠭᠴᠠ ᠶᠢᠨ ᠦᠶ᠋ᠯᠡᠳᠦᠯ ᠢ | ᠭᠦᠶ᠋ᠴᠡᠳ ᠪᠠᠳᠠᠷᠠᠭᠤᠯᠵᠤ᠂ ᠲᠡᠷᠢᠭᠦᠨ ᠤ ᠵᠢᠭᠠᠨ ᠰᠤᠷᠭᠠᠬᠤ ᠣᠶᠢᠯᠠᠭᠠᠭᠳᠠᠬᠤᠨ ᠪᠠ ᠵᠢᠭᠠᠨ ᠰᠤᠷᠭᠠᠬᠤ ᠪᠣᠳᠠᠲᠤ | ᠬᠦᠴᠦᠨ ᠢ ᠢᠯᠡᠷᠡᠭᠦᠯᠪᠡ᠃ | ᠬᠢᠴᠢᠶᠡᠯ ᠦᠨᠡᠯᠡᠬᠦ ᠱᠠᠲᠤᠨ ᠳᠤ᠂ ᠡᠯ᠎ᠡ ᠰᠤᠷᠭᠠᠭᠤᠯᠢ ᠶᠢᠨ ᠤᠳᠤᠷᠢᠳᠤᠯᠭ᠎ᠠ ᠨᠢ ᠵᠢᠭᠠᠨ ᠰᠤᠷᠭᠠᠯᠲᠠ ᠶᠢᠨ | ᠬᠠᠷᠠᠯᠲᠠ ᠶᠢᠨ ᠲᠤᠬᠢᠷᠠᠯᠴᠠᠭ᠎ᠠ᠂ ᠵᠢᠭᠠᠨ ᠰᠤᠷᠭᠠᠯᠲᠠ ᠶᠢᠨ ᠠᠷᠭ᠎ᠠ ᠶᠢ ᠬᠡᠷᠡᠭᠯᠡᠬᠦ ᠵᠡᠷᠭᠡ ᠲᠠᠯ᠎ᠠ ᠶᠢᠨ ᠲᠣᠭᠤᠷᠢᠨ ᠳᠤ | ᠶᠠᠷᠢᠯᠴᠠᠭ᠎ᠠ ᠥᠷᠨᠢᠭᠦᠯᠵᠦ᠂ ᠦᠵᠡᠯᠲᠡ ᠪᠠᠨ ᠬᠤᠪᠢᠶᠠᠯᠴᠠᠨ᠂ ᠮᠠᠳᠠᠭ ᠲᠠᠢ ᠠᠰᠠᠭᠤᠳᠠᠯ ᠢ ᠳᠤᠷᠠᠳᠪᠠ᠃ | ᠰᠡᠳᠬᠢᠬᠦᠶ ᠶᠢᠨ ᠮᠥᠷᠭᠦᠯᠳᠦᠭᠡᠨ ᠨᠢ ᠬᠤᠷᠠᠯ ᠳᠤ ᠣᠷᠣᠯᠴᠠᠭᠰᠠᠳ ᠲᠤ ᠹᠧᠩ ᠬᠤᠸᠠ ᠵᠢᠭᠠᠨ ᠰᠤᠷᠭᠠᠯᠲᠠ ᠶᠢᠨ | ᠣᠶᠢᠯᠠᠭᠠᠭᠳᠠᠬᠤᠨ ᠤ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠤ᠂ ᠪᠥᠬᠦ ᠬᠤᠰᠢᠭᠤᠨ ᠤ ᠪᠠᠭᠰᠢ ᠶᠢᠨ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠳᠤ ᠰᠢᠨ᠎ᠡ ᠰᠡᠳᠬᠢᠮᠵᠢ | ᠬᠠᠩᠭᠠᠭᠰᠠᠨ ᠪᠠᠶᠢᠨ᠎ᠠ᠃ | ᠠᠵᠢᠯᠯᠠᠭ᠎ᠠ ᠶᠢᠨ ᠡᠴᠦᠰ ᠲᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠳᠠᠷᠤᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠮᠢᠩ ᠳ᠋ᠧ ᠪᠠᠭ᠎ᠠ ᠰᠤᠷᠭᠠᠭᠤᠯᠢ ᠪᠣᠯᠤᠨ ᠹᠧᠩ ᠬᠤᠸᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠠ ᠤᠶᠢᠯᠡᠳᠤᠯᠭᠡ ᠶᠢᠨ ᠳᠤᠮᠳᠠᠬᠢ ᠲᠣᠪᠤᠶᠢᠮ᠎ᠠ | ᠢᠯᠡᠷᠡᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠣᠳᠣᠬᠠᠨ ᠤ ᠰᠤᠷᠭᠠᠨ ᠬᠥᠮᠦᠵᠢᠯ ᠤᠨ ᠪᠠᠶᠢᠳᠠᠯ ᠳᠤ | ᠰᠠᠭᠤᠷᠢᠯᠠᠨ᠂ ᠲᠣᠰ ᠬᠤᠰᠢᠭᠤᠨ ᠤ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ | ᠥᠷᠢᠰᠥᠯᠳᠦᠭᠡᠨ ᠢ ᠭᠦᠨᠵᠡᠭᠡᠶ ᠵᠠᠳᠠᠯᠪᠠ᠃ ᠰᠤᠷᠭᠠᠨ ᠬᠥᠮᠦᠵᠢᠯ ᠤᠨ ᠠᠵᠢᠯᠲᠠᠳ ᠢ ᠨᠡᠩ ᠣᠷᠭᠢᠯᠤᠮ᠎ᠠ ᠬᠠᠯᠠᠭᠤᠨ | ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠢᠶᠠᠷ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠬᠤ ᠶᠢ | ᠵᠣᠷᠢᠭᠵᠢᠭᠤᠯᠤᠨ᠎ᠠ᠃ | ᠲᠤᠰ ᠤᠳᠠᠭᠠᠨ ᠤ ᠠᠬᠤᠢ ᠲᠠᠯᠠᠪᠠᠢ ᠶᠢᠨ ᠬᠤᠷᠠᠯ ᠵᠢᠴᠢ ᠲᠤᠭᠤᠷᠢᠨ ᠦᠵᠡᠬᠦ ᠠᠵᠢᠯᠯᠠᠭ᠎ᠠ ᠪᠤᠯ ᠴᠠᠬᠠᠷ ᠪᠠᠷᠠᠭᠤᠨ | ᠭᠠᠷᠤᠨ ᠬᠤᠶᠢᠳᠤ ᠬᠤᠰᠢᠭᠤᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠰᠢᠨ᠎ᠡ ᠭᠠᠷᠤᠭ᠎ᠠ ᠪᠤᠯᠤᠨ᠎ᠠ᠃ ᠡᠯ᠎ᠡ | ᠲᠠᠯ᠎ᠠ ᠶᠢᠨ ᠬᠠᠮᠲᠤ ᠶᠢᠨ ᠴᠢᠷᠮᠠᠢᠯᠭ᠎ᠠ ᠳᠣᠣᠷ᠎ᠠ᠂ ᠴᠠᠬᠠᠷ ᠪᠠᠷᠠᠭᠤᠨ ᠭᠠᠷᠤᠨ ᠬᠤᠶᠢᠲᠦ ᠬᠤᠰᠢᠭᠤᠨ ᠤ ᠰᠤᠷᠭᠠᠨ | ᠬᠥᠮᠦᠵᠢᠯ ᠤᠨ ᠢᠷᠡᠭᠡᠳᠦᠢ ᠯᠠᠪᠲᠠᠢ ᠬᠠᠪᠤᠷ ᠤᠨ ᠴᠡᠴᠡᠭ ᠳᠡᠯᠭᠡᠷᠡᠵᠦ᠂ ᠨᠡᠩ ᠥᠩᠭᠡ ᠭᠢᠯᠪᠠᠭ᠎ᠠ ᠪᠠᠨ ᠰᠠᠴᠤᠷᠠᠭᠤᠯᠬᠤ | ᠪᠣᠯᠤᠨ᠎ᠠ ᠭᠡᠵᠦ ᠢᠲᠡᠭᠡᠵᠦ ᠪᠠᠶᠢᠨ᠎ᠠ᠃ | | | | | ᠵᠣᠬᠢᠶᠠᠭᠴᠢ᠄ ᠴᠢᠮᠡᠭᠡᠯᠡᠭᠴᠢ᠄ ᠸᠠᠩ ᠱᠤ᠋ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |