ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/2
   3 ᠰᠠᠷ᠎ᠠ ᠶᠢᠨ 31 ᠤ ᠡᠲᠦᠷ ᠠᠴᠠ 4 ᠰᠠᠷ᠎ᠠ ᠶᠢᠨ 1 ᠤ ᠡᠳᠦᠷ ᠪᠤᠯᠲᠠᠯ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠳᠦᠪ ᠤᠨ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠶᠢ ᠭᠦᠨᠵᠡᠬᠡᠢ ᠲᠤᠤᠱᠯᠠᠭᠤᠯᠬᠤ ᠰᠤᠷᠤᠯᠴᠠᠯᠭ᠎ᠠ ᠬᠦᠮᠦᠵᠢᠯ ᠤᠨ ᠳᠤᠰᠬᠠᠢ ᠰᠡᠲᠦᠪᠲᠦ ᠨᠤᠮ ᠤᠩᠰᠢᠬᠤ ᠠᠩᠭᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
   ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠰᠢᠤ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠠᠶ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠣᠷᠣᠯᠴᠠᠵᠠᠶ᠃    ᠨᠣᠮ ᠤᠩᠰᠢᠬᠤ ᠠᠩᠭᠢ ᠳᠤ ᠲᠤᠰᠬᠠᠶ ᠰᠡᠳᠦᠪᠲᠦ ᠲᠠᠶᠢᠯᠤᠮᠵᠢ ᠬᠢᠬᠦ᠂ ᠺᠠᠳ᠋ᠷ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠨᠣᠮ ᠤᠩᠰᠢᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠰᠢᠤᠢ ᠱᠧᠩ ︽ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪ ᠢᠶᠠᠷ ᠬᠢᠴᠢᠶᠡᠯ ᠣᠷᠣᠪᠠ᠃ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠨᠠᠷᠢᠨ ᠬᠢᠨᠠᠮᠠᠭᠠᠶ ᠰᠤᠷᠤᠯᠴᠠᠭᠰᠠᠨ ᠪᠥᠭᠡᠳ ᠲᠣᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠰᠣᠯᠢᠯᠴᠠᠨ ᠰᠤᠳᠤᠯᠤᠨ ᠶᠠᠷᠢᠯᠴᠠᠪᠠ᠃    ᠼᠦᠢ ᠶᠦᠩ ᠬᠡᠯᠡᠬᠦ ᠳᠡᠭᠡᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠬᠤ ᠪᠣᠯ ᠨᠢᠭᠡ ᠭᠤᠣᠯ ᠰᠢᠵᠢᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠡᠷᠭᠡ ᠪᠦᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠬᠦᠴᠦᠲᠡᠢ ᠪᠠᠲᠤᠯᠠᠭ᠎ᠠ ᠮᠥᠨ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ  ᠦᠢᠯᠡ ᠠᠵᠢᠯᠯᠠᠭᠠᠨ ᠤ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠠᠭᠤᠯᠭ᠎ᠠ ᠶᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠮᠥᠭᠡ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠥᠪᠡᠷ ᠢ ᠪᠠᠨ ᠦᠨᠡᠨ ᠬᠦ ᠣᠷᠣᠭᠤᠯᠵᠤ᠂ ᠠᠵᠢᠯ ᠢᠶᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠡᠶᠡᠯᠡᠭᠦᠯᠵᠦ᠂ ︽ᠪᠣᠳᠠᠲᠠᠢ︾ ᠪᠠᠶᠢᠬᠤ ᠳᠡᠭᠡᠷ᠎ᠡ ᠢᠯᠡᠭᠦᠬᠡᠨ ᠬᠦᠴᠦ ᠣᠷᠣᠭᠤᠯᠵᠤ᠂ ᠡᠳᠦᠷ ᠲᠤᠲᠤᠮ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠲᠠᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠢᠮᠠᠨ ᠲᠣᠭᠲᠠᠭᠠᠯᠲᠤ ᠬᠡᠪ ᠵᠠᠩᠰᠢᠯ ᠢ ᠪᠣᠶ ᠪᠣᠯᠭᠠᠬᠤ ᠶᠢ ᠠᠬᠢᠭᠤᠯᠵᠤ᠂ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃                            ᠵᠣᠬᠢᠶᠠᠭᠴᠢ᠄ ᠴᠢᠮᠡᠬᠡᠯᠡᠭᠴᠢ᠄ ᠴᠢ ᠷᠦᠢ ᠶᠢᠨ᠂ ᠸᠠᠩ ᠱᠤ᠋ ᠸᠧᠨ                            ᠤᠷᠴᠢᠭᠤᠯᠤᠭᠴᠢ᠄ ᠰᠤᠷᠤᠨ᠎ᠠ                            ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号