ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠰᠢᠶᠠᠨ ᠭᠠᠵᠠᠷ ᠤᠨ | ᠲᠡᠰ ᠤᠨ ᠺᠠᠳ᠋ᠷ ᠤᠨ ᠳᠠᠪᠲᠠᠨ ᠪᠣᠯᠪᠠᠰᠤᠷᠠᠭᠤᠯᠬᠤ ᠠᠩᠭᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | ᠬᠦᠷᠴᠦ᠂ ᠲᠤᠬᠠᠶ ᠶᠢᠨ ᠲᠠᠯᠠᠪᠠᠢ ᠶᠢᠨ ᠮᠠᠰᠢ ᠶᠡᠭᠡ ᠠᠴᠢ ᠬᠤᠯᠪᠣᠭᠳᠠᠯ ᠲᠠᠢ ᠵᠢᠭᠠᠨ ᠰᠤᠷᠭᠠᠯᠲᠠ ᠶᠢᠨ ᠠᠵᠢᠯᠯᠠᠭ᠎ᠠ | ᠥᠷᠨᠢᠭᠦᠯᠪᠡ᠃ ᠬᠤᠲᠠ ᠶᠢᠨ ᠰᠢᠭᠤᠳ ᠬᠠᠷᠢᠶ᠎ᠠ ᠨᠢᠭᠡᠴᠡ ᠵᠢᠴᠢ ᠬᠤᠰᠢᠭᠤ ᠰᠢᠶᠠᠨ ᠨᠢᠭᠡᠴᠡ ᠠᠴᠠ ᠢᠷᠡᠭᠰᠡᠨ 59 | ᠭᠠᠵᠠᠷ ᠤᠨ ᠲᠠᠰ ᠤᠨ ᠤᠳᠤᠷᠢᠳᠤᠯᠭ᠎ᠠ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠪᠠ᠃ | | ᠠᠵᠢᠯᠯᠠᠭ᠎ᠠ ᠶᠢᠨ ᠬᠤᠭᠤᠴᠠᠭᠠᠨ ᠳᠤ᠂ ᠳᠠᠪᠲᠠᠨ ᠪᠣᠯᠪᠠᠰᠤᠷᠠᠭᠤᠯᠬᠤ ᠠᠩᠬᠢ ᠶᠢᠨ ᠰᠤᠷᠤᠭᠴᠢᠳ ᠤᠷᠢᠳ | ᠬᠤᠵᠢᠳ ᠡᠮᠦᠨᠡᠳᠡᠬᠢ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠤᠯᠠᠭᠠᠨᠬᠠᠳᠠ ᠶᠢᠨ ᠭᠠᠯᠲᠤ ᠠᠭᠤᠯᠠ ᠶᠢᠨ | ᠭᠠᠵᠠᠷ ᠰᠢᠨᠵᠢᠯᠡᠭᠡᠨ ᠤ ᠴᠡᠴᠡᠷᠯᠢᠭ᠂ ᠢ ᠮᠧᠩ ᠢ ᠮᠦ᠋ ᠠᠷᠠᠳ ᠤᠨ ᠣᠷᠣᠨ ᠰᠠᠭᠤᠴᠠ᠂ ᠵᠢᠩ ᠰᠢ ᠠᠶᠢᠯ ᠤᠨ | ᠭᠠᠯᠲᠤ ᠠᠭᠤᠯᠠ ᠶᠢᠨ ᠣᠷᠣᠨ ᠰᠠᠭᠤᠴᠠ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠡᠮᠦᠨᠡᠳᠡᠬᠢ | ᠵᠤᠭᠠᠴᠠᠭᠰᠠᠳ ᠤᠨ ᠦᠢᠯᠡᠴᠢᠯᠡᠭᠡᠨ ᠤ ᠲᠥᠪ ᠲᠤ᠂ ᠰᠤᠷᠤᠭᠴᠢᠳ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ | ᠲᠥᠯᠥᠪᠵᠢᠭᠦᠯᠭᠡ᠂ ᠵᠤᠭᠠᠴᠠᠭᠰᠠᠳ ᠢ ᠬᠦᠯᠢᠶᠡᠨ ᠠᠪᠬᠤ ᠦᠢᠯᠡᠴᠢᠯᠡᠭᠡ ᠵᠢᠴᠢ ᠰᠣᠶᠣᠯ ᠵᠤᠭᠠᠴᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠣᠶᠢᠯᠠᠭᠠᠪᠠ᠃ | | ᠳᠠᠷᠠᠭ᠎ᠠ ᠨᠢ᠂ ᠰᠤᠷᠤᠯᠴᠠᠭᠰᠠᠳ ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ | ᠴᠡᠴᠡᠷᠯᠢᠭ ᠲᠤ ᠬᠦᠷᠪᠡ᠃ ᠠᠳᠡ ᠤᠯᠠᠨ ᠢᠶᠠᠷ ᠢᠶᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠥᠪᠡᠷᠮᠢᠴᠡ ᠭᠠᠯᠲᠤ ᠠᠭᠤᠯᠠ ᠶᠢᠨ ᠡᠬᠢ ᠪᠠᠶᠠᠯᠢᠭ ᠲᠤ ᠲᠦᠰᠢᠭᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠵᠢᠭᠤᠯᠴᠢᠯᠠᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠠᠶᠢᠭᠤᠯᠵᠤ᠂ ᠬᠥᠳᠡᠭᠡ ᠲᠣᠰᠬᠤᠨ ᠤ | ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ | ᠶᠡᠭᠡ ᠡᠭᠦᠷᠭᠡ︾ ᠪᠣᠯᠤᠨ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠠᠮᠢᠳᠤᠯᠢᠭ ᠦᠢᠯᠡᠳᠦᠯᠭᠡ ᠶᠢ | ᠨᠠᠶᠢᠳᠠᠪᠤᠷᠢᠵᠢᠭᠤᠯᠪᠠ᠃ | | ᠬᠠᠮᠤᠭ ᠰᠡᠭᠦᠯ ᠳᠤ᠂ ᠰᠤᠷᠤᠭᠴᠢᠳ ᠭᠠᠯᠲᠤ ᠠᠭᠤᠯᠠ ᠶᠢᠨ ᠠᠷᠠᠳ ᠤᠨ ᠣᠷᠣᠨ ᠰᠠᠭᠤᠴᠠ ᠳᠤ ᠢᠷᠡᠵᠦ᠂ | ᠲᠤᠬᠠᠢ ᠶᠢᠨ ᠭᠠᠵᠠᠷ ᠤᠨ ᠰᠣᠶᠣᠯ ᠤᠨ ᠭᠤᠶᠢᠳᠠ ᠰᠠᠶᠢᠬᠠᠨ ᠪᠠ ᠬᠥᠮᠦᠰ ᠤᠨ ᠪᠠᠭ᠋ᠠᠷᠬᠠᠯ ᠢ ᠰᠣᠭᠲᠣᠭᠤᠷᠠᠭᠤᠯᠵᠠᠢ᠃ | ᠲᠤᠬᠠᠶ ᠶᠢᠨ ᠭᠠᠵᠠᠷ ᠤᠨ ᠰᠤᠯᠠ ᠪᠠᠶᠢᠭ᠎ᠠ ᠬᠡᠷ ᠪᠠᠶᠢᠰᠢᠩ ᠢ ᠤᠷᠠᠨ ᠢᠶᠠᠷ ᠠᠰᠢᠭᠯᠠᠨ᠂ ᠤᠨᠴᠠᠯᠢᠬᠳᠤ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠢ ᠪᠣᠶ ᠪᠣᠯᠭᠠᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ ᠣᠷᠣᠨ ᠨᠤᠲᠤᠭ ᠤᠨ ᠰᠣᠶᠣᠯ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠲᠠᠪᠴᠠᠩ | ᠪᠣᠯᠤᠭᠰᠠᠨ ᠪᠠᠶᠢᠨ᠎ᠠ᠃ | | ᠲᠣᠰ ᠤᠳᠠᠭ᠎ᠠ ᠤᠯᠠᠭᠠᠨᠴᠠᠪ ᠬᠤᠲᠠ ᠶᠢᠨ ᠰᠢᠶᠠᠨ ᠭᠠᠵᠠᠷ ᠤᠨ ᠲᠠᠰ ᠤᠨ ᠺᠠᠳ᠋ᠷ ᠤᠨ ᠳᠠᠪᠲᠠᠨ | ᠪᠣᠯᠪᠠᠰᠤᠷᠠᠭᠤᠯᠬᠤ ᠠᠩᠭᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠲᠤᠬᠠᠶ ᠶᠢᠨ ᠲᠠᠯᠠᠪᠤᠷ ᠤᠨ | ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ | ᠭᠦᠨᠵᠡᠭᠡᠶ ᠰᠣᠯᠢᠯᠴᠠᠬᠤ ᠪᠠᠷ ᠳᠠᠮᠵᠢᠭᠤᠯᠤᠨ᠂ ᠰᠤᠷᠤᠭᠴᠢᠳ ᠲᠤ ᠨᠢᠭᠡ ᠤᠳᠠᠭᠠᠨ ᠤ ᠣᠯᠳᠠᠬᠤᠶ᠎ᠠ ᠪᠡᠷᠬᠡ | ᠰᠤᠷᠤᠯᠴᠠᠬᠤ ᠲᠣᠬᠢᠶᠠᠯ ᠬᠠᠩᠭᠠᠭᠰᠠᠨ ᠪᠥᠭᠡᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠣᠯᠤᠨ ᠪᠤᠰᠤᠳ | ᠭᠠᠵᠠᠷ ᠣᠷᠣᠨ ᠤ ᠬᠠᠮᠲᠤᠷᠠᠯᠴᠠᠭ᠎ᠠ ᠳᠤ ᠰᠢᠨ᠎ᠡ ᠲᠠᠪᠴᠠᠩ ᠪᠠᠶᠢᠭᠤᠯᠵᠤ᠂ ᠤᠯᠠᠭᠠᠨᠴᠠᠪ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠃ | | | | | ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |